ᠬᠠᠶᠢᠷᠤᠪ ᠤᠨ ᠲᠤᠬᠤᠢ  ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 26 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/19
      4 ᠰᠠᠷ᠎ᠠ ᠶᠢᠨ 14᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ  ᠲᠢᠲᠢᠮᠯᠢᠭ ᠸᠢᠷᠦ᠋ᠰ ᠤᠨ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 26 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
20220415105759179001.jpg    
      ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 4 ᠰᠠᠷ᠎ᠠ ᠶᠢᠨ 13᠎ ᠤ ᠡᠳᠦᠷ ᠤᠨ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ
20220415105759927002.jpg   
      ᠰᠦᠨ ᠬᠤᠤ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠡᠵᠡᠮᠰᠢᠬᠦ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠣᠯᠭᠤᠮᠵᠢᠲᠠᠢ ᠪᠥᠭᠡᠳ ᠨᠠᠷᠢᠨ ᠨᠢᠮᠪᠠᠢ ᠪᠠᠶᠢᠵᠤ᠂ ᠶᠠᠭᠠᠬᠢᠭᠰᠠᠨ ᠴᠤ ᠣᠮᠲᠣᠭᠠᠶᠢᠯᠠᠵᠤ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠶᠠᠪᠤᠴᠠ ᠳᠠᠬᠢ ᠱᠠᠭᠠᠷᠳᠠᠯᠭ᠎ᠠ ᠨᠢᠭᠡᠪᠦᠷᠢ ᠶᠢ ᠨᠠᠶᠢᠳᠠᠪᠤᠷᠢᠵᠢᠭᠤᠯᠬᠤ ᠬᠡᠷᠡᠭᠲᠡᠢ︔ ᠴᠠᠭ ᠬᠤᠭᠤᠴᠠᠭ᠎ᠠ ᠲᠠᠢ ᠤᠷᠤᠯᠳᠤᠨ ᠭᠦᠶᠦᠵᠦ᠂ ᠦᠳᠲᠡᠷ ᠲᠦᠷᠭᠡᠨ ᠠᠵᠢᠯᠯᠠᠭ᠎ᠠ ᠥᠷᠨᠢᠭᠦᠯᠵᠦ᠂ ᠬᠢᠵᠢᠭ ᠳᠡᠯᠭᠡᠷᠡᠬᠦ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ  ᠭᠡᠵᠤ ᠴᠢᠬᠤᠯᠠᠴᠢᠯᠠᠪᠠ᠃     ᠰᠦᠨ ᠬᠤᠤ ᠱᠠᠭᠠᠷᠳᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠳᠤ ᠶᠢᠨ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢᠨ ᠳᠡᠭᠡᠷ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠶᠡᠷᠦᠩᠬᠡᠢ ᠪᠠᠶᠢᠷᠢᠯᠠᠭᠤᠯᠤᠯᠲᠠ ᠳᠣᠣᠷ᠎ᠠ᠂ ᠲᠠᠰᠤᠷᠠᠯᠲᠠ ᠦᠭᠡᠢ ᠰᠤᠳᠤᠯᠤᠨ ᠮᠠᠭᠠᠳᠯᠠᠵᠤ᠂ ᠮᠡᠷᠭᠡᠵᠢᠯ ᠤᠨ ᠲᠤᠯᠭᠠᠭᠤᠷᠢᠯᠠᠯ ᠢᠶᠠᠷ ᠳᠠᠮᠵᠢᠭᠤᠯᠵᠤ᠂ ︽ᠲᠦᠷᠪᠡ ᠶᠢ ᠨᠢᠭᠡ ᠴᠤᠬᠴᠠᠵᠢᠭᠤᠯᠬᠤ︾ ᠠᠵᠢᠯ ᠤᠨ ᠵᠠᠭᠪᠤᠷ ᠢ ᠪᠠᠶᠢᠭᠤᠯᠬᠤ ᠬᠡᠷᠡᠭᠲᠡᠢ᠂ ᠭᠤᠣᠯ ᠦᠵᠡᠯ ᠰᠠᠨᠠᠭ᠎ᠠ ᠪᠣᠯ ᠳᠠᠷᠤᠢ ᠤᠯᠠᠨ ᠲᠦᠮᠡᠨᠴᠢ ᠱᠤᠭᠤᠮ ᠢᠶᠠᠷ ᠶᠠᠪᠤᠵᠤ᠂ ᠠᠷᠠᠳ ᠤᠯᠠᠨ ᠢ ᠲᠠᠶᠢᠴᠢᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ  ᠠᠮᠢᠳᠤᠷᠠᠯ ᠤᠨ ᠡᠬᠢ ᠪᠠᠶᠠᠯᠢᠭ ᠢ ᠪᠠᠲᠤᠯᠠᠵᠤ᠂ ᠵᠠᠬ᠎ᠠ ᠳᠡᠯᠭᠡᠭᠦᠷᠴᠢᠯᠡᠯᠲᠡ ᠳᠤ ᠲᠦᠰᠢᠭᠯᠡᠨ ︽ᠬᠤᠳᠠᠯᠳᠤᠭᠠᠨ ᠤ ᠬᠡᠲᠦ ᠳᠡᠯᠭᠡᠭᠦᠷ᠂ ᠬᠤᠭᠤᠯᠠᠨ ᠬᠡᠷ + ᠲᠦᠷᠭᠡᠨ ᠬᠦᠷᠭᠡᠯᠲᠡ + ᠨᠡᠶᠢᠭᠡᠮ ᠲᠣᠭᠤᠷᠢᠭ ᠤᠨ ᠰᠦᠯᠵᠢᠶᠡᠨ ᠤ ᠡᠴᠦᠰ ᠤᠨ 100 ᠮᠧᠲᠷ︾᠎ ᠤᠨ ᠵᠠᠭᠪᠤᠷ ᠢ ᠪᠠᠶᠢᠭᠤᠯᠵᠤ᠂ ᠠᠮᠢᠳᠤᠷᠠᠯ ᠤᠨ ᠡᠬᠢ ᠪᠠᠶᠠᠯᠢᠭ ᠤᠨ ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠣᠷᠳᠣᠨ ᠠᠴᠠ ᠪᠥᠬᠦ ᠶᠠᠪᠤᠴᠠ ᠶᠢᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ  ᠰᠢᠢᠤᠡᠪᠤᠷᠢᠯᠡᠬᠦ ᠶᠢ ᠳᠡᠮᠵᠢᠬᠦ ᠬᠡᠷᠡᠭᠲᠡᠶ︔ ᠬᠢᠵᠢᠭ ᠢ ᠡᠰᠡᠷᠭᠦᠴᠡᠬᠦ ᠡᠬᠢ ᠪᠠᠶᠠᠯᠢᠭ ᠢ ᠪᠠᠲᠤᠯᠠᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠪᠠᠶᠢᠳᠠᠯ ᠢ ᠮᠡᠳᠡᠬᠦ ᠡᠷᠬᠡ ᠶᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠪᠠ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠬᠤ ᠶᠢ ᠳᠠᠶᠢᠴᠢᠯᠠᠬᠤ ᠬᠡᠷᠡᠭᠲᠡᠢ︔ ᠡᠮ ᠡᠮᠨᠡᠯᠭᠡ ᠶᠢᠨ ᠡᠬᠢ ᠪᠠᠶᠠᠯᠢᠭ ᠢ ᠪᠠᠲᠤᠯᠠᠵᠤ᠂ ᠲᠤᠤᠷᠴᠢᠯᠠᠭᠰᠠᠨ ᠰᠢᠰᠲ᠋ᠧᠮ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠲᠤᠭ᠎ᠠ ᠪᠠᠷᠢᠮᠲᠠ ᠶᠢ ᠣᠷᠣᠨ ᠵᠠᠶᠢᠴᠢᠯᠠᠵᠦ᠂ ᠠᠷᠠᠳ ᠤᠯᠠᠨ ᠪᠦᠬᠦᠨ ᠳᠤ ᠣᠨᠣᠪᠴᠢᠲᠠᠢ ᠪᠠᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠰᠠᠭᠠᠳ ᠦᠭᠡᠢ ᠵᠠᠮ ᠢ ᠨᠡᠪᠲᠡᠷᠡᠭᠦᠯᠬᠦ ᠶᠢ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ︔ ᠭᠠᠳᠠᠭᠠᠳᠤ ᠠᠴᠠ ᠣᠷᠣᠭᠤᠯᠬᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠢ ᠲᠠᠷᠬᠠᠭᠠᠬᠤ ᠠᠶᠤᠯ ᠲᠦᠭᠰᠢᠭᠦᠷᠢ ᠲᠠᠢ ᠠᠵᠢᠯ ᠲᠦᠷᠦᠯ ᠪᠠ ᠣᠨᠴᠠᠭᠠᠢ ᠠᠵᠢᠯ ᠤᠨ ᠪᠠᠶᠢᠷᠢ ᠳᠤ ᠵᠢᠮ᠎ᠡ ᠶᠣᠰᠣ ᠲᠠᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠭᠠᠳᠠᠨ᠎ᠠ ᠠᠴᠠ ᠢᠷᠡᠭᠰᠡᠨ ᠬᠥᠮᠦᠰ ᠢ ᠪᠠᠶᠢᠩᠭᠤ ᠰᠢᠯᠵᠢᠭᠦᠯᠦᠨ ᠲᠤᠬᠢᠷᠠᠭᠤᠯᠵᠤ᠂ ᠡᠯ᠎ᠡ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠠᠲᠤᠳᠬᠠᠵᠤ᠂ ᠬᠢᠵᠢᠭ ᠤᠨ ᠪᠠᠶᠢᠳᠠᠯ ᠢ ᠣᠷᠣᠭᠤᠯᠬᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ  ᠭᠡᠵᠤ ᠱᠠᠭᠠᠷᠳᠠᠪᠠ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号