| | | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ | ᠫᠢᠩ 4 ᠰᠠᠷ᠎ᠠ ᠶᠢᠨ 19 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ | ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠵᠢᠯᠣᠭᠤᠳᠬᠤ ᠰᠠᠨᠠᠯ︾᠂ ︽ᠮᠤᠵᠢ ᠶᠢᠨ ᠱᠠᠳᠤᠨ ᠠᠴᠠ ᠳᠣᠷᠣᠭᠰᠢᠬᠢ ᠡᠳ᠋ ᠤᠨ ᠵᠠᠰᠠᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠤᠯᠠᠮ ᠴᠢᠨᠠᠬᠰᠢᠳᠠ ᠠᠬᠢᠭᠤᠯᠬᠤ | ᠲᠤᠬᠠᠶ ᠵᠢᠯᠣᠭᠤᠳᠬᠤ ᠰᠠᠨᠠᠯ︾᠂ ︽ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠵᠤ ᠦᠨᠡᠯᠡᠬᠦ ᠭᠦᠶᠴᠡᠳᠭᠡᠯ | ᠲᠣᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ︾᠂︽︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠥᠩᠭᠦᠨ ᠭᠦᠶᠯᠭᠡᠭᠡ ᠪᠠᠷ ᠰᠢᠨ᠎ᠡ ᠶᠢ ᠡᠭᠦᠳᠬᠦ ᠶᠢ | ᠳᠡᠮᠵᠢᠬᠦ ᠰᠢᠰᠲ᠋ᠧᠮ ᠢ ᠲᠡᠭᠦᠯᠳᠡᠷᠵᠢᠭᠦᠯᠬᠦ ᠠᠵᠢᠯ ᠤᠨ ᠲᠥᠰᠦᠯ︾᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠲᠤᠬᠠᠶᠰᠠᠨᠠᠯ ᠤᠳ︾ ᠢ ᠬᠢᠨᠠᠨ | ᠵᠦᠪᠯᠡᠵᠥ ᠪᠠᠳᠤᠯᠠᠪᠠ᠃ | ᠰᠢ ᠶᠢᠨ ᠫᠢᠩ ᠬᠤᠷᠠᠯ ᠡᠷᠬᠢᠯᠡᠬᠦ ᠳᠡᠭᠡᠨ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠲᠣᠭᠠᠴᠢᠯᠠᠭᠰᠠᠨ ᠮᠡᠷᠭᠡᠵᠢᠯ ᠢ ᠵᠠᠰᠠᠭ ᠤᠨ ᠣᠷᠳᠣᠨ ᠤ ᠬᠠᠮᠢᠶᠠᠷᠤᠯᠲᠠ | ᠦᠢᠯᠡᠴᠢᠯᠡᠭᠡ ᠳᠤ ᠥᠷᠭᠡᠨ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ | ᠤᠶᠤᠨᠴᠢᠯᠠᠬᠰᠠᠨ ᠠᠵᠢᠯᠯᠠᠭ᠎ᠠ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ | ᠬᠠᠩᠭᠠᠬᠤ ᠬᠡᠷᠡᠭᠲᠡᠢ᠃ ᠮᠤᠵᠢ ᠶᠢᠨ ᠱᠠᠲᠤᠨ ᠠᠴᠠ ᠳᠣᠷᠣᠭᠰᠢᠬᠢ ᠵᠠᠰᠠᠭ ᠤᠨ ᠣᠷᠳᠣᠨ ᠤ ᠬᠤᠭᠤᠷᠣᠨᠳᠣᠬᠢ | ᠡᠳ᠋ ᠤᠨ ᠵᠠᠰᠠᠭ ᠤᠨ ᠬᠠᠷᠢᠴᠠᠭ᠎ᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠶᠢᠨ ᠲᠤᠬᠢᠷᠠᠭᠤᠯᠤᠯᠳᠠ ᠶᠢ ᠨᠡᠩ | ᠵᠦᠢ ᠵᠣᠬᠢᠰᠲᠠᠢ ᠪᠣᠯᠭᠠᠵᠤ᠂ ᠣᠷᠣᠯᠭ᠎ᠠ ᠶᠢᠨ ᠬᠤᠪᠢᠶᠠᠷᠢᠯᠠᠯ ᠢ ᠨᠡᠩ ᠵᠢᠷᠤᠮᠵᠢᠯ ᠲᠠᠢ ᠪᠣᠯᠭᠠᠵᠤ᠂ ᠡᠳ᠋ ᠤᠨ ᠬᠦᠴᠦᠨ ᠤ | ᠲᠠᠷᠬᠠᠯᠲᠠ ᠶᠢ ᠬᠠᠷᠢᠴᠠᠩᠭᠤᠢ ᠲᠡᠩᠴᠡᠭᠦᠷᠢᠲᠡᠢ ᠪᠣᠯᠭᠠᠵᠤ᠂ ᠦᠨᠳᠦᠰᠦᠨ ᠱᠠᠲᠤᠨ ᠤ ᠪᠠᠲᠤᠯᠠᠭ᠎ᠠ ᠶᠢ | ᠨᠡᠩ ᠬᠦᠴᠦᠲᠡᠢ ᠪᠣᠯᠭᠠᠵᠤ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠲᠦᠷᠭᠡᠪᠴᠢᠯᠡᠨ ᠪᠦᠳᠦᠭᠡᠨ | ᠪᠠᠶᠢᠭᠤᠯᠬᠤ ᠶᠢ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ | ᠳᠡᠩᠴᠡᠬᠦᠷᠢᠰᠢᠬᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠯ ᠶᠣᠰᠣᠭᠠᠷ᠂ ᠪᠤᠰᠤᠳᠴᠢ ᠲᠥᠪ ᠭᠤᠣᠯᠴᠢ᠂ ᠰᠢᠨᠵᠢᠯᠡᠬᠦ | ᠤᠬᠠᠭᠠᠨᠴᠢ ᠪᠠᠷ ᠮᠠᠭᠠᠳᠯᠠᠨ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ | ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ | ᠵᠦᠢ ᠵᠣᠬᠢᠰᠲᠠᠢ ᠬᠢᠨᠠᠨ ᠪᠤᠳᠤᠯᠳᠠ ᠶᠢᠨ ᠦᠨᠡᠯᠡᠯᠲᠡ ᠬᠢᠬᠦ ᠭᠦᠢᠴᠡᠳᠭᠡᠯ ᠲᠣᠭᠠᠨ ᠤ ᠰᠢᠰᠲ᠋ᠧᠮ ᠢ ᠬᠦᠴᠦᠯᠡᠨ ᠪᠠᠶᠢᠭᠤᠯᠵᠤ᠂ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠪᠠ ᠠᠮᠢ | ᠠᠬᠤᠢ ᠣᠷᠴᠢᠨ ᠳᠤᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠶᠢ ᠠᠬᠢᠭᠤᠯᠬᠤ ᠬᠡᠷᠡᠭᠲᠡᠢ᠃ | ᠮᠥᠩᠭᠦᠨ ᠭᠦᠶᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ ᠳᠤᠲᠠᠭᠤᠳᠠᠯ | ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠶᠯᠭᠡᠭᠡ ᠪᠠᠷ ᠰᠢᠨ᠎ᠡ ᠶᠢ ᠡᠭᠦᠳᠬᠦ ᠶᠢ | ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠮᠥᠩᠭᠦᠨ ᠭᠦᠶᠯᠭᠡᠭᠡᠨ ᠤ ᠰᠢᠰᠲ᠋ᠧᠮ ᠤᠨ ᠰᠢᠨ᠎ᠡ ᠴᠠᠭ ᠦᠶ᠎ᠡ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠳᠤ ᠨᠠᠩ ᠰᠠᠶᠢᠲᠤᠷ ᠵᠣᠬᠢᠴᠠᠬᠤ ᠶᠢ ᠠᠬᠢᠭᠤᠯᠬᠤ ᠬᠡᠷᠡᠭᠲᠡᠶ᠃ | ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠢ ᠶᠢᠨ ᠭᠤᠣᠯ | ᠲᠠᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ | ᠲᠦᠮᠡᠨ ᠤ ᠠᠮᠢ ᠨᠠᠰᠤ ᠡᠷᠡᠭᠦᠯ ᠮᠡᠨᠳᠤ ᠳᠤ ᠬᠠᠨᠳᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠡᠭᠦᠷᠭᠡ | ᠬᠠᠷᠢᠭᠤᠴᠠᠯᠭ᠎ᠠ ᠡᠭᠦᠷᠭᠡᠯᠡᠬᠦ᠂ ᠰᠡᠳᠭᠢᠯ ᠰᠢᠭᠤᠳᠤᠨ ᠰᠤᠳᠤᠯᠬᠤ᠂ ᠦᠷᠳᠡᠭ ᠢ ᠡᠭᠦᠳᠦᠨ ᠪᠦᠲᠦᠭᠡᠬᠦ | ᠤᠷᠮᠠᠰᠢᠭᠤᠯᠬᠤ ᠤᠳᠤᠷᠢᠳᠤᠮᠵᠢ ᠶᠢ ᠪᠤᠢ ᠪᠣᠯᠭᠠᠵᠤ᠂ ᠤᠤᠭᠠᠯ ᠡᠭᠦᠳᠦᠯᠲᠡ ᠶᠢᠨ ᠦᠷ᠎ᠡ ᠪᠦᠲᠦᠭᠡᠯ | ᠲᠠᠰᠤᠷᠠᠯᠳᠠ ᠦᠭᠡᠢ ᠴᠣᠯᠭᠤᠷᠠᠨ ᠭᠠᠷᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠪᠦᠲᠦᠮᠵᠢᠲᠡᠢ ᠤᠨᠳᠤᠤᠰᠢᠭᠤᠯᠬᠤ ᠳᠤ ᠠᠰᠢᠭᠲᠠᠢ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ᠂ | ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠥᠪᠡᠷ ᠥᠪᠡᠷ ᠤᠨ ᠠᠪᠢᠶᠠᠰ ᠴᠢᠳᠠᠪᠤᠷᠢ ᠪᠠᠨ | ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ | ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠵᠠᠢ᠃ | ᠬᠤᠷᠠᠯ ᠠᠴᠠ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠵᠠᠰᠠᠭ ᠤᠨ ᠣᠷᠳᠣᠨ ᠤ | ᠵᠠᠰᠠᠯᠲᠠ ᠶᠢᠨ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠴᠢᠬᠤᠯᠠ ᠠᠷᠭ᠎ᠠ | ᠬᠡᠮᠵᠢᠶ᠎ᠡ ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ | ᠬᠠᠤᠯᠢᠵᠢᠯ ᠤᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ᠂ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠦᠯᠵᠢᠶᠡᠨ ᠤ ᠬᠦᠴᠦᠷᠬᠡᠭ | ᠤᠯᠤᠰ ᠤᠨ ᠪᠠᠶᠢᠯᠳᠤᠬᠤ ᠪᠤᠳᠤᠯᠭ᠎ᠠ᠂ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠵᠡᠷᠭᠡ ᠶᠢ ᠬᠡᠷᠡᠭᠵᠢᠭᠦᠯᠬᠦ ᠶᠢᠨ ᠲᠣᠭᠤᠷᠢᠨ ᠳᠤ | ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠴᠠ ᠲᠠᠢ ᠪᠣᠯᠪᠠ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠵᠥᠪ ᠤᠯᠤᠰ | ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠢ ᠬᠠᠩᠭᠠᠬᠤ ᠶᠢ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠷᠢᠯᠲᠠ ᠪᠠ | ᠲᠤᠰᠤᠯᠳᠠ ᠪᠣᠯᠭᠠᠵᠤ᠂ ᠲᠦᠭᠡᠮᠡᠯ ᠬᠦᠷᠳᠡᠵᠤ ᠳᠡᠶᠢᠯᠬᠦ᠂ ᠤᠶᠤᠨᠴᠢ ᠳᠥᠭᠦᠮ ᠳᠥᠲᠡ᠂ ᠡᠷᠬᠡ ᠲᠡᠭᠰᠢ ᠲᠦᠭᠡᠮᠡᠯ | ᠬᠠᠷᠠᠭᠠᠯᠵᠠᠯ ᠲᠠᠢ ᠲᠣᠭᠠᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ | ᠤᠯᠠᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ ᠬᠡᠷᠡᠭᠲᠡᠢ᠃ ᠲᠣᠭᠠᠴᠢᠯᠠᠭᠰᠠᠨ | ᠥᠭᠡᠷᠡᠴᠢᠯᠡᠯᠲᠡ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠳᠤ | ᠬᠦᠴᠦᠨ ᠨᠡᠮᠡᠷᠢᠯᠡᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠰᠢᠰᠲ᠋ᠧᠮ ᠤᠨ | ᠡᠷᠴᠢᠮᠵᠢᠭᠰᠡᠨ ᠪᠠᠶᠢᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠠᠵᠤ ᠠᠬᠤᠶ ᠶᠢᠨ ᠲᠣᠬᠢᠷᠠᠭᠤᠯᠤᠯᠲᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠶᠯᠡᠴᠢᠯᠡᠭᠡ᠂ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠡᠭᠦᠷᠭᠡ ᠴᠢᠳᠠᠪᠬᠢ ᠪᠠᠨ ᠭᠦᠶᠴᠡᠳᠭᠡᠬᠦ ᠴᠢᠬᠤᠯᠠ | ᠲᠤᠯᠭᠠᠭᠤᠷᠢᠯᠠᠬᠤ ᠦᠶᠯᠡᠳᠦᠯ ᠢ ᠪᠠᠳᠠᠷᠠᠭᠤᠯᠵᠤ᠂ ᠬᠠᠮᠵᠢᠯᠴᠠᠬᠰᠠᠨ ᠥᠨᠳᠥᠷ ᠪᠦᠲᠦᠮᠵᠢᠲᠡᠶ | ᠵᠠᠰᠠᠭ ᠤᠨ ᠣᠷᠳᠣᠨ ᠤ ᠲᠣᠭᠠᠴᠢᠯᠠᠯᠳᠠ ᠪᠠᠷ ᠡᠭᠦᠷᠭᠡ ᠲᠤᠰᠢᠶᠠᠯ ᠢᠶᠠᠨ ᠬᠦᠢᠴᠡᠳᠭᠡᠬᠦ ᠰᠢᠰᠲ᠋ᠧᠮ ᠢ ᠪᠠᠶᠢᠭᠤᠯᠬᠤ | ᠬᠡᠷᠡᠭᠲᠡᠶ᠃ ᠰᠢᠰᠲ᠋ᠧᠮᠳᠦ ᠦᠵᠡᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠬᠦᠯᠵᠥ᠂ ᠲᠤᠭ᠎ᠠ ᠪᠠᠷᠢᠮᠲᠠ ᠶᠢ ᠥᠨᠳᠥᠷ | ᠪᠦᠲᠦᠮᠵᠢᠲᠡᠢ ᠬᠠᠮᠲᠤ ᠪᠠᠷ ᠡᠳ᠋ᠯᠡᠬᠦ ᠪᠠ ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠬᠠᠤᠯᠢ ᠲᠣᠭᠲᠠᠭᠠᠯ | ᠶᠣᠰᠣᠭᠠᠷ ᠠᠬᠢᠭᠤᠯᠵᠤ᠂ ᠮᠡᠷᠭᠡᠵᠢᠯ ᠤᠨ ᠠᠭᠤᠰᠤᠯᠴᠠᠯ᠂ ᠠᠵᠢᠯ ᠲᠦᠷᠦᠯ ᠤᠨ ᠠᠭᠤᠰᠤᠯᠴᠠᠯ᠂ ᠲᠤᠭ᠎ᠠ | ᠪᠠᠷᠢᠮᠲᠠ ᠶᠢᠨ ᠠᠭᠤᠰᠤᠯᠴᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠱᠠᠳᠤ ᠳᠠᠪᠬᠤᠷᠭ᠎ᠠ ᠠᠯᠤᠰᠯᠠᠭᠰᠠᠨ᠂ | ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ | ᠠᠯᠤᠰᠯᠠᠭᠰᠠᠨ ᠬᠠᠮᠵᠢᠯᠴᠠᠨ ᠬᠠᠮᠢᠶᠠᠷᠬᠤ ᠪᠠ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠲᠤᠭ᠎ᠠ ᠪᠠᠷᠢᠮᠲᠠ ᠶᠢᠨ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠲᠣᠭᠠᠴᠢᠯᠠᠭᠰᠠᠨ | ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ | ᠲᠣᠭᠠᠴᠢᠯᠠᠭᠰᠠᠨ ᠵᠠᠰᠠᠭ ᠤᠨ ᠣᠷᠳᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ᠨᠠᠭᠠᠰᠢ᠂ ᠪᠢᠳᠡ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ | ᠲᠥᠪ ᠪᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠲᠥᠪ ᠪᠤᠯᠤᠨ ᠣᠷᠣᠨ | ᠨᠤᠲᠤᠭ ᠤᠨ ᠣᠷᠣᠯᠭ᠎ᠠ ᠶᠢᠨ ᠬᠤᠪᠢᠶᠠᠷᠢᠯᠠᠯ ᠢ ᠤᠯᠠᠮ ᠴᠢᠨᠠᠬᠰᠢᠳᠠ ᠰᠢᠯᠤᠭᠤᠳᠬᠠᠵᠤ᠂ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ | ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ | ᠪᠠᠶᠢᠬᠤ ᠲᠥᠪ ᠪᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠪᠤᠯᠤᠨ | ᠣᠷᠣᠨ ᠨᠤᠲᠤᠭ ᠤᠨ ᠭᠠᠶᠢᠯᠢ ᠶᠢ ᠰᠠᠯᠭᠠᠬᠤ ᠲᠦᠷᠢᠮ ᠤᠨ ᠵᠠᠷᠴᠢᠮ ᠤᠨ ᠪᠣᠷᠣ ᠲᠥᠯᠥᠪ ᠤᠨ ᠳᠣᠲᠣᠷ᠎ᠠ᠂ ᠵᠠᠰᠠᠭ ᠤᠨ | ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠠᠷᠢᠴᠠᠭ᠎ᠠ ᠶᠢ ᠪᠦᠷᠢᠨᠰᠢᠬᠦᠯᠬᠦ ᠦᠨᠳᠦᠰᠦᠨ ᠵᠠᠷᠴᠢᠮ ᠢ ᠵᠢᠷᠤᠮᠯᠠᠵᠤ᠂ | ᠮᠤᠵᠢ ᠶᠢᠨ ᠱᠠᠳᠤᠨ ᠠᠴᠠ ᠳᠣᠷᠤᠬᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠲᠣᠳᠣᠷᠬᠠᠢ ᠵᠠᠭᠠᠭᠯᠠᠨ ᠲᠣᠭᠲᠠᠭᠠᠵᠤ᠂ ᠮᠤᠵᠢ ᠶᠢᠨ ᠱᠠᠳᠤᠨ ᠠᠴᠠ ᠳᠤᠷᠤᠬᠰᠢᠬᠢ ᠵᠠᠰᠠᠭ ᠤᠨ ᠣᠷᠳᠣᠨ ᠤ ᠬᠤᠭᠤᠷᠣᠨᠳᠣᠬᠢ | ᠣᠷᠣᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠮᠤᠵᠢ ᠶᠢᠨ ᠱᠠᠳᠤᠨ ᠠᠴᠠ ᠲᠤᠷᠤᠬᠰᠢᠬᠢ | ᠰᠢᠯᠵᠢᠭᠦᠯᠦᠨ ᠲᠤᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ ᠮᠤᠵᠢ ᠶᠢᠨ ᠱᠠᠳᠤᠨ ᠠᠴᠠ | ᠳᠤᠷᠤᠬᠰᠢᠬᠢ ᠡᠳ᠋ ᠤᠨ ᠵᠠᠰᠠᠭ ᠤᠨ ᠪᠠᠶᠢᠭᠤᠯᠤᠮᠵᠢ ᠳᠤ ᠲᠤᠬᠢᠷᠠᠭᠤᠯᠤᠯᠳᠠ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ | ᠮᠤᠵᠢ ᠶᠢᠨ ᠱᠠᠳᠤᠨ ᠠᠴᠠ ᠳᠣᠷᠤᠬᠰᠢᠬᠢ ᠡᠳ᠋ ᠤᠨ ᠵᠠᠰᠠᠭ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠡᠳ᠋ ᠤᠨ | ᠵᠠᠰᠠᠭ ᠤᠨ ᠲᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠣᠷᠣᠨ ᠨᠤᠲᠤᠭ ᠤᠨ ᠬᠠᠮᠠᠭᠠᠯᠠᠬᠤ ᠦᠵᠡᠯ ᠢ ᠠᠷᠢᠯᠭᠠᠵᠤ᠂ | ᠵᠠᠬ᠎ᠠ ᠳᠡᠯᠭᠡᠭᠦᠷ ᠤᠨ ᠪᠠᠬᠢᠯᠡᠯᠲᠡ ᠶᠢ ᠠᠷᠢᠯᠭᠠᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ | ᠦᠷᠭᠦᠯᠵᠢᠯᠡᠨ ᠠᠬᠢᠭᠤᠯᠬᠤ ᠪᠠᠲᠤᠯᠠᠭ᠎ᠠ ᠶᠢᠨ ᠲᠦᠷᠢᠮ ᠪᠠ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠵᠤ᠂ | ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠬᠥᠭᠵᠢᠭᠡᠳᠦᠢ | ᠭᠠᠵᠠᠷ ᠣᠷᠣᠨ ᠳᠠᠬᠢ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ ᠣᠷᠣᠨ ᠪᠦᠰᠡ ᠶᠢᠨ ᠳᠡᠮᠵᠢᠯᠭᠡ ᠶᠢᠨ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠡᠳ᠋ ᠤᠨ ᠬᠦᠴᠦᠨ ᠤ ᠤᠷᠳᠤ | ᠬᠤᠭᠤᠴᠠᠭᠠᠨ ᠤ ᠪᠦᠲᠦᠮᠵᠢᠲᠡᠢ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠳᠠᠯᠳᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠲᠡᠭᠦᠯᠳᠡᠷᠵᠢᠭᠦᠯᠵᠦ᠂ ᠳᠠᠯᠳᠠ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠵᠤ᠂ | ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠴᠤ ᠪᠡᠯᠡ ᠮᠦᠩᠬᠦ ᠴᠤᠬᠯᠠᠭᠤᠯᠬᠤ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ | ᠡᠳ᠋ ᠤᠨ ᠵᠠᠰᠠᠭ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ᠂ ᠡᠳ᠋ ᠤᠨ ᠶᠠᠪᠤᠳᠠᠯ ᠪᠠ ᠨᠢᠭᠲᠠᠯᠠᠨ ᠪᠤᠳᠤᠯᠳᠠ ᠶᠢᠨ ᠬᠢᠨᠠᠯᠲᠠ | ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠬᠤᠷᠠᠯ ᠠᠴᠠ᠂ | ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ | ᠬᠦᠷᠦᠩᠭᠡ ᠶᠢ ᠬᠢᠨᠠᠨ ᠪᠤᠳᠤᠬᠤ ᠳᠦᠷᠢᠮ ᠢ ᠪᠠᠶᠢᠭᠤᠯᠵᠤ᠂ 2015 ᠣᠨ ᠠᠴᠠ ᠲᠤᠷᠰᠢᠯᠲᠠ ᠶᠢᠨ | ᠠᠵᠢᠯ ᠢ ᠥᠷᠨᠢᠭᠦᠯᠵᠦ᠂ 2017 ᠣᠨ ᠪᠣᠯᠲᠠᠯ᠎ᠠ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ | ᠪᠣᠯᠪᠠᠰᠤᠨ ᠤ ᠳᠦᠷᠢᠮ ᠢ ᠴᠢᠩᠭ᠎ᠠ ᠬᠡᠷᠡᠭᠵᠢᠭᠦᠯᠬᠦ ᠲᠠᠯ᠎ᠠ ᠪᠠᠷ ᠴᠢᠩᠭ᠎ᠠ ᠬᠦᠴᠦᠲᠡᠢ ᠳᠦᠷᠢᠮ ᠤᠨ | ᠬᠢᠵᠠᠭᠠᠷᠯᠠᠯ ᠢ ᠪᠦᠷᠢᠯᠳᠦᠭᠦᠯᠪᠠ᠃ ᠤᠳᠤᠷᠢᠳᠬᠤ ᠺᠠᠳ᠋ᠷ ᠤᠨ ᠡᠬᠢ ᠪᠠᠶᠠᠯᠢᠭ ᠣᠷᠴᠢᠨ | ᠲᠣᠭᠤᠷᠢᠨ ᠤ ᠬᠤᠯᠪᠤᠬᠳᠠᠯ ᠪᠦᠬᠦᠢ ᠰᠢᠢᠳᠪᠦᠷᠢᠲᠦ ᠪᠤᠳᠤᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠦᠨᠡᠯᠡᠯᠲᠡ ᠶᠢᠨ ᠪᠠᠷᠢᠮᠵᠢᠶ᠎ᠠ ᠶᠢ ᠪᠦᠷᠢᠨᠰᠢᠬᠦᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠬᠠᠮᠠᠭᠠᠯᠠᠯᠲᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ | ᠬᠡᠮᠵᠢᠶ᠎ᠠ ᠶᠢ ᠪᠠᠭᠤᠷᠠᠭᠤᠯᠬᠤ᠂ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠲᠦᠷᠢᠮ | ᠵᠡᠷᠭᠡ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠯᠪᠤᠬᠳᠠᠯ ᠪᠦᠬᠦᠢ ᠦᠨᠡᠯᠡᠯᠲᠡ ᠶᠢᠨ | ᠭᠦᠢᠴᠡᠳᠭᠡᠯ ᠲᠤᠭ᠎ᠠ ᠳᠤ ᠠᠭᠤᠰᠤᠯᠴᠠᠭᠤᠯᠬᠤ ᠬᠡᠷᠡᠭᠲᠡᠢ᠃ ᠦᠨᠡᠯᠡᠯᠳᠠ ᠬᠢᠬᠦ ᠭᠦᠶᠴᠡᠳᠭᠡᠯ ᠲᠤᠭ᠎ᠠ ᠶᠢᠨ | ᠬᠦᠨᠳᠦ ᠶᠢᠨ ᠵᠢᠩ ᠪᠠ ᠬᠤᠪᠢ ᠲᠣᠭᠲᠠᠭᠠᠬᠤ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠣᠳᠠᠲᠤ ᠪᠣᠳᠠᠰ ᠤᠨ ᠬᠡᠮᠵᠢᠶ᠎ᠡ᠂ ᠠᠮᠢ | ᠠᠬᠤᠶ ᠣᠷᠴᠢᠨ ᠲᠣᠭᠤᠷᠢᠨ ᠤ ᠶᠠᠰᠤ ᠴᠢᠨᠠᠷ ᠵᠡᠷᠭᠡ ᠵᠠᠩᠭᠢᠯᠠᠭ᠎ᠠ ᠶᠢᠨ ᠴᠢᠨᠠᠷᠲᠠᠶ ᠭᠦᠶᠴᠡᠳᠭᠡᠯ ᠲᠤᠭ᠎ᠠ ᠶᠢᠨ ᠬᠥᠲᠥᠯᠥᠨ | ᠵᠢᠯᠣᠭᠤᠳᠬᠤ ᠦᠶᠯᠡᠳᠦᠯ ᠢ ᠴᠢᠩᠭᠠᠳᠬᠠᠵᠤ᠂ ᠤᠯᠤᠰ ᠠᠴᠠ ᠲᠥᠯᠥᠪᠵᠢᠭᠦᠯᠦᠨ ᠲᠣᠭᠲᠠᠭᠠᠭᠰᠠᠨ ᠡᠬᠢ | ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠬᠤ ᠴᠢᠨᠠᠷᠲᠠᠶ ᠭᠦᠶᠴᠡᠳᠭᠡᠯ ᠲᠤᠭ᠎ᠠ ᠶᠢ ᠳᠣᠪᠣᠶᠢᠯᠭᠠᠬᠤ ᠬᠡᠷᠡᠭᠲᠡᠶ᠃ | ᠡᠯ᠎ᠡ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠣᠨᠴᠠᠯᠢᠭ ᠪᠣᠯᠤᠨ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢᠨ ᠵᠥᠷᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠭᠦᠢᠴᠡᠳᠭᠡᠯ | ᠲᠤᠭ᠎ᠠ ᠶᠢ ᠲᠤᠬᠢᠷᠠᠭᠤᠯᠬᠤ ᠲᠠᠯ᠎ᠠ ᠪᠠᠷ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ | ᠬᠢᠨᠠᠨ ᠪᠣᠳᠣᠬᠤ ᠬᠡᠪᠴᠢᠶ᠎ᠡ ᠪᠣᠯᠤᠨ ᠠᠭᠤᠯᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠪᠠᠶᠢᠴᠠᠭᠠᠨ ᠭᠡᠷᠡᠴᠢᠯᠡᠭᠰᠡᠨ ᠪᠣᠳᠠᠲᠤ | ᠶᠠᠪᠤᠳᠠᠯ ᠢᠶᠠᠷ ᠰᠠᠭᠤᠷᠢ ᠪᠣᠯᠭᠠᠨ᠂ ᠬᠢᠨᠠᠨ ᠪᠣᠳᠣᠵᠤ ᠦᠨᠡᠯᠡᠭᠰᠡᠨ ᠦᠷ᠎ᠡ ᠳ᠋ᠦᠩ ᠨᠢ ᠲᠡᠦᠬᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠵᠦᠢᠯ ᠤᠨ | ᠬᠢᠨᠠᠯᠲᠠ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠵᠤ᠂ ᠬᠢᠨᠠᠨ ᠪᠤᠳᠤᠭᠰᠠᠨ ᠦᠷ᠎ᠡ | ᠳ᠋ᠦᠩ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠥᠬᠦᠶ ᠮᠠᠲ᠋ᠧᠷᠢᠶᠠᠯ ᠪᠠ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠵᠤ᠂ ᠡᠬᠢ ᠪᠠᠶᠠᠯᠢᠭ ᠣᠷᠴᠢᠨ ᠠᠬᠤᠶ ᠶᠢᠨ | ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠦᠶᠯᠡ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠮᠥᠩᠭᠦᠨ ᠭᠦᠢᠯᠭᠡᠭᠡ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠂ | ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠭᠡᠭᠡᠨ ᠬᠥᠭᠵᠢᠭᠦᠯᠬᠦ ᠴᠢᠨᠠᠷᠳᠠᠢ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠳᠦᠯ ᠳᠤ ᠦᠶᠯᠡᠴᠢᠯᠡᠬᠦ ᠶᠢ ᠴᠢᠩᠭᠠᠷᠠᠭᠤᠯᠵᠤ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠶᠢ ᠡᠭᠦᠷᠭᠡᠯᠡᠭᠰᠡᠨ ᠠᠵᠤ ᠠᠬᠤᠶᠢᠯᠠᠯ ᠳᠤ ᠦᠢᠯᠡᠴᠢᠯᠡᠬᠦ | ᠴᠢᠳᠠᠪᠤᠷᠢ ᠶᠢ ᠨᠡᠮᠡᠭᠳᠡᠭᠦᠯᠵᠦ᠂ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠰᠢᠭᠤᠳ ᠪᠠᠯᠠ ᠮᠦᠩᠬᠦ ᠴᠤᠬᠯᠠᠭᠤᠯᠬᠤ ᠴᠢᠳᠠᠮᠵᠢ ᠶᠢ ᠳᠡᠭᠡᠭᠰᠢᠯᠡᠭᠦᠯᠵᠦ᠂ ᠳᠠᠭᠠᠳᠬᠠᠯ ᠪᠠ ᠪᠠᠯᠠ ᠮᠦᠩᠬᠦ ᠴᠤᠬᠯᠠᠭᠤᠯᠬᠤ ᠪᠠᠳᠤᠯᠠᠨ | ᠳᠠᠭᠠᠭᠠᠬᠤ ᠪᠠᠶᠢᠭᠤᠯᠤᠮᠵᠢ ᠶᠢᠨ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠦᠶᠯᠡᠳᠦᠯ ᠢ ᠪᠠᠳᠠᠷᠠᠭᠤᠯᠵᠤ᠂ ᠮᠥᠩᠭᠦᠨ | ᠭᠦᠢᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ | ᠭᠠᠳᠠᠭᠠᠳᠤ ᠲᠤᠯᠭᠠᠭᠤᠷᠢᠯᠠᠯ ᠢ ᠴᠢᠩᠭᠠᠳᠬᠠᠬᠤ ᠭᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠶ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠶᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠳᠤ ᠰᠠᠭᠤᠷᠢᠯᠠᠵᠤ᠂ | ᠮᠥᠩᠭᠦᠨ ᠭᠦᠶᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠪᠠ ᠮᠥᠩᠭᠦᠨ | ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠶ ᠲᠥᠯᠥᠪᠵᠢᠭᠦᠯᠵᠦ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠮᠠᠰᠢᠭᠤᠯᠤᠯ ᠪᠣᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠬᠥᠭᠵᠢᠭᠡᠬᠦ᠂ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠴᠢᠬᠤᠯᠠ ᠦᠶᠯᠡᠳᠦᠯ ᠲᠠᠢ ᠶᠤᠮ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠳ ᠤᠨ ᠤᠯᠤᠰ ᠢᠶᠠᠨ ᠬᠠᠶᠢᠷᠠᠯᠠᠬᠤ ᠰᠡᠳᠭᠢᠯ ᠢᠶᠠᠨ ᠪᠠᠲᠤᠳᠬᠠᠵᠤ᠂ | ᠤᠯᠤᠰ ᠲᠠᠭᠠᠨ ᠵᠢᠳᠬᠦᠬᠦ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠭᠡᠨ ᠪᠠᠶᠢᠭᠤᠯᠬᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠪᠡᠶᠡᠯᠡᠭᠦᠯᠬᠦ᠂ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠬᠤ ᠬᠡᠷᠡᠭᠲᠡᠢ᠃ | ᠤᠶᠦᠠ ᠰᠠᠨᠠᠭᠠᠨ ᠤ ᠤᠷᠮᠠᠰᠢᠭᠤᠯᠤᠯ ᠪᠠ ᠡᠳ᠋ ᠪᠣᠳᠠᠰ ᠤᠨ ᠤᠷᠮᠠᠰᠢᠭᠤᠯᠤᠯ ᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ | ᠪᠠᠴᠢᠮ ᠬᠡᠷᠡᠭᠴᠡᠭᠡ ᠪᠠ ᠠᠯᠤᠰ ᠭᠡᠳᠦ ᠶᠢᠨ ᠬᠡᠷᠡᠭᠴᠡᠭᠡ ᠠᠴᠠ ᠡᠭᠦᠰᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠡᠪᠰᠢᠯᠳᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠤᠳᠦᠯᠭ᠎ᠠ ᠶᠢᠨ ᠠᠮᠤᠷ ᠲᠦᠪᠰᠢᠨ ᠵᠡᠷᠭᠡ ᠳᠤ | ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠡᠳᠡᠭᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠬᠦᠮ | ᠪᠠ ᠠᠵᠢᠯᠳᠡᠠ ᠢ ᠭᠤᠣᠯᠳᠠᠯᠭ᠎ᠠ ᠲᠠᠢ ᠪᠠᠷ ᠬᠥᠬᠢᠭᠦᠯᠦᠨ ᠱᠠᠩᠨᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ | ᠵᠦᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠠᠭ ᠢ ᠪᠠᠲᠤᠯᠠᠵᠤ᠂ ᠨᠢᠭᠡ ᠰᠡᠳᠭᠢᠯ ᠨᠢᠭᠡ ᠵᠣᠷᠢᠭ ᠢᠶᠠᠷ | ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠪᠠᠳᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠯᠠᠭᠤ ᠠᠵᠢᠯᠲᠠᠳ ᠢ ᠤᠷᠮᠠᠰᠢᠭᠤᠯᠤᠨ ᠵᠣᠷᠢᠭᠵᠢᠭᠤᠯᠬᠤ ᠪᠠᠨ ᠴᠢᠩᠭᠠᠳᠬᠠᠵᠤ᠂ | ᠵᠠᠯᠠᠭᠤᠴᠤᠳ ᠲᠤ ᠵᠣᠷᠢᠭᠲᠠᠢ ᠪᠠᠷ ᠶᠡᠭᠡ ᠡᠭᠦᠷᠭᠡ ᠶᠢ ᠡᠭᠦᠷᠭᠡᠯᠡᠬᠦ ᠲᠣᠬᠢᠶᠠᠯ ᠣᠯᠭᠤᠵᠤ᠂ ᠵᠠᠯᠠᠭᠤ | ᠴᠢᠳᠠᠪᠤᠷᠢᠲᠠᠨ ᠤ ᠴᠣᠯᠭᠤᠷᠠᠨ ᠭᠠᠷᠬᠤ ᠳᠤ ᠠᠰᠢᠭᠲᠠᠢ ᠣᠷᠴᠢᠨ ᠨᠥᠬᠦᠴᠡᠯ ᠢ ᠪᠤᠢ ᠪᠣᠯᠭᠠᠵᠤ | ᠥᠭᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠲᠣᠭᠲᠠᠭᠤᠨ ᠢᠶᠠᠷ ᠳᠡᠮᠵᠢᠬᠦ ᠲᠣᠭᠲᠠᠴᠠ ᠶᠢ ᠪᠦᠷᠢᠨᠰᠢᠬᠦᠯᠵᠥ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠰᠤᠳᠤᠯᠭᠠᠨ ᠤ ᠴᠢᠭᠯᠡᠯ ᠤᠨ ᠲᠠᠯ᠎ᠠ ᠪᠠᠷ ︽ᠤᠯᠠᠨ ᠵᠢᠯ ᠤᠨ ᠬᠠᠳᠠᠭᠤᠵᠢᠯ︾ ᠭᠠᠷᠭᠠᠬᠤ ᠶᠢ ᠴᠥᠬᠦᠷᠡᠰᠢ | ᠦᠭᠡᠢ ᠳᠡᠮᠵᠢᠬᠦ ᠬᠡᠷᠡᠭᠲᠡᠢ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ | ᠪᠦᠲᠦᠮᠵᠢᠲᠡᠶ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ | ᠵᠢᠭᠠᠵᠤ ᠭᠠᠷᠭᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠵᠠᠢ᠃ | | |