ᠦᠬᠠᠶ ᠬᠤᠲᠠ ᠶᠢᠨ ᠬᠢᠨ ᠡᠮ ᠡᠮᠨᠡᠯᠭᠡ ᠶᠢᠨ ᠳᠠᠭᠠᠳᠬᠠᠯ ᠤᠨ ᠣᠨᠳᠣᠤ ᠭᠠᠵᠠᠷ ᠲᠤ ᠡᠮᠨᠡᠭᠦᠯᠬᠦ ᠪᠠ ᠡᠮᠨᠡᠯᠭᠡ ᠰᠢᠯᠵᠢᠬᠦ ᠭᠠᠷ ᠭᠦᠢᠴᠡᠤᠡᠭᠡᠯ ᠢ ᠬᠦᠴᠦᠨ ᠥᠬᠡᠶ ᠪᠣᠯᠭᠠᠪᠠ
ᠨᠡᠶᠢᠲᠡᠯᠡᠭᠰᠡᠨ ᠴᠠᠭ᠄
2022/4/29
      ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠣᠨᠳᠣᠤ ᠭᠠᠵᠠᠷ ᠲᠤ ᠡᠪᠡᠳᠴᠢᠨ ᠦᠵᠡᠭᠦᠯᠬᠦ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ  ᠤᠶᠢᠯᠡᠴᠢᠯᠡᠭᠡ ᠬᠠᠩᠭᠠᠵᠤ᠂ ᠦᠬᠠᠶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠨᠳᠣᠤ ᠭᠠᠵᠠᠷ ᠲᠤ ᠡᠪᠡᠳᠴᠢᠨ ᠦᠵᠡᠭᠦᠯᠬᠦ ᠳᠡᠩᠰᠡᠯᠡᠯᠲᠡ ᠶᠢᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 2022 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠠᠨ ᠤ ᠬᠤᠲᠠ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠣᠨᠳᠣᠤ ᠭᠠᠵᠠᠷ ᠲᠤ ᠡᠪᠡᠳᠴᠢᠨ ᠦᠵᠡᠭᠦᠯᠬᠦ ᠡᠮᠨᠡᠯᠭᠡ ᠰᠢᠯᠵᠢᠬᠦ ᠭᠠᠷ  ᠭᠦᠢᠴᠡᠤᠡᠭᠡᠯ ᠢ ᠬᠦᠴᠦᠨ ᠥᠬᠡᠶ ᠪᠣᠯᠭᠠᠵᠤ᠂ ᠣᠨᠳᠣᠤ ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠵᠣᠷᠢᠭᠵᠢᠭᠤᠯᠤᠨ᠎ᠠ᠃      ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠦᠭᠰᠡᠨ ᠬᠥᠮᠦᠰ ᠢ ᠳᠠᠩᠰᠠᠯᠠᠭᠤᠯᠤᠭᠰᠠᠨ ᠤ ᠳᠠᠷᠠᠭ᠎ᠠ ᠣᠨᠳᠣᠤ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠳ᠋ᠦᠩᠨᠡᠨ ᠪᠤᠳᠤᠭᠰᠠᠨ ᠪᠠᠶᠢᠪᠠᠯ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠤᠷᠢᠳᠠᠪᠠᠷ ᠥᠪᠡᠰᠦᠪᠡᠨ ᠬᠠᠷᠢᠭᠤᠴᠠᠬᠤ ᠬᠠᠷᠢᠴᠠᠯ ᠢ ᠨᠢᠭᠡᠳᠦᠯᠲᠡᠶ 10% ᠪᠣᠯᠭᠠᠨ ᠳᠣᠭᠢᠷᠠᠭᠤᠯᠤᠨ᠎ᠠ︔ ᠳᠠᠩᠰᠠᠯᠠᠭᠤᠯᠤᠭᠰᠠᠨ ᠥᠬᠡᠶ ᠪᠠᠷ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠤᠡᠭᠡᠬᠦ ᠪᠠᠶᠢᠭᠤᠯᠤᠮᠵᠢ ᠳᠠᠭᠠᠨ ᠪᠤᠴᠠᠵᠤ ᠳ᠋ᠦᠩᠨᠡᠨ ᠪᠤᠳᠤᠭᠰᠠᠨ ᠪᠠᠶᠢᠪᠠᠯ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠤᠷᠢᠳᠠᠪᠠᠷ ᠥᠪᠡᠷ ᠢᠶᠠᠨ ᠬᠠᠷᠢᠭᠤᠴᠠᠬᠤ ᠬᠠᠷᠢᠴᠠᠯ ᠨᠢ ᠮᠥᠨ ᠬᠦ 30% ᠪᠣᠯᠤᠨ᠎ᠠ︔ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠡᠭᠦᠳᠡᠨ ᠡᠮᠨᠡᠯᠭᠡ ᠶᠢᠨ ᠫᠢᠶᠣᠣ ᠪᠠᠷᠢᠮᠲᠠ ᠨᠢ ᠡᠮᠨᠡᠯᠭᠡ ᠳᠤ ᠰᠠᠭᠤᠭᠰᠠᠨ ᠵᠠᠷᠤᠳᠠᠯ ᠤᠨ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠠᠷᠢᠴᠠᠯ ᠲᠠᠢ ᠨᠢᠭᠡᠳᠦᠯᠲᠡᠶ ᠪᠠᠶᠢᠵᠤ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠶ᠋ᠴᠡᠳᠬᠡᠬᠦ ᠪᠠᠶᠢᠭᠤᠯᠤᠮᠵᠢ ᠳᠤ ᠬᠦᠷᠴᠦ ᠲᠡᠰᠦᠯᠦᠨ ᠪᠤᠳᠤᠨ᠎ᠠ︔ ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠲᠤ ᠤᠤᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃      ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠳᠤ ︽ᠭᠡᠷᠡᠴᠢᠯᠡᠬᠦ ᠮᠠᠲ᠋ᠧᠷᠢᠶᠠᠯ ᠠᠴᠠ ᠭᠡᠯᠳᠦᠷᠢᠭᠦᠯᠬᠦ᠂ ᠭᠠᠷᠲᠠᠨ ᠭᠦᠢᠴᠡᠤᠡᠭᠡᠬᠦ ᠠᠴᠠ ᠭᠡᠯᠳᠦᠷᠢᠭᠦᠯᠦᠨ ᠬᠢᠨᠠᠨ ᠬᠠᠷᠭᠤᠭᠤᠯᠬᠤ᠂ ᠲᠡᠷᠡ ᠳᠠᠷᠤᠶ ᠳᠤᠨᠢ ᠨᠡᠪᠲᠡᠷᠡᠭᠦᠯᠬᠦ᠂ ᠲᠡᠷᠡ ᠳᠠᠷᠤᠶ ᠳᠤᠨᠢ ᠡᠳ᠋ᠯᠡᠬᠦ︾ ᠵᠠᠷᠴᠢᠮ ᠶᠣᠰᠣᠭᠠᠷ᠂ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠬᠠᠷᠠᠭᠠᠯᠵᠠᠯ ᠢ ᠴᠠᠭ ᠲᠤᠬᠠᠶ ᠳᠤᠨᠢ ᠭᠥᠷᠳᠡᠵᠦ᠂ ︽ᠲᠤᠭ᠎ᠠ ᠪᠠᠷᠢᠮᠲᠠ ᠶᠢ ᠢᠯᠡᠭᠦᠤ ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾᠎ ᠶᠢ ᠪᠡᠶᠡᠯᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号