ᠲᠠᠩ ᠢ ᠲᠤᠰᠬᠠᠢ ᠰᠡᠳᠦᠪᠲᠦ ᠠᠵᠢᠯ ᠤᠨ ᠬᠤᠷᠠᠯ ᠡᠷᠭᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/4/7
     4 ᠰᠠᠷ᠎ᠠ ᠶᠢᠨ 4᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠢ ᠰᠡᠳᠦᠪᠲᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ ᠶᠢᠨ ᠬᠤᠯᠪᠤᠭᠳᠠᠯ ᠪᠦᠬᠦᠢ ᠶᠠᠪᠤᠳᠠᠯ ᠢ ᠰᠤᠳᠤᠯᠵᠠᠢ᠃ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠰᠦᠨ ᠬᠤᠤ᠂ ᠮᠧᠩ ᠫᠸᠢ ᠶᠦᠨ᠂ ᠴᠢᠶᠣᠤ ᠢᠦᠶ᠂ ᠭᠦᠸᠧ ᠢ ᠵᠢᠶᠧ᠂ ᠸᠠᠩ ᠵᠢᠶ ᠫᠢᠩ ᠬᠤᠷᠠᠯ ᠳᠤ ᠣᠷᠣᠯᠴᠠᠪᠠ᠃      ᠲᠠᠩ ᠢ ᠵᠢᠭᠠᠵᠤ ᠭᠠᠷᠭᠠᠭᠰᠠᠨ ᠨᠢ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠡᠨᠡ ᠤᠳᠠᠭ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠳᠠ ᠳᠤ ᠰᠢᠮᠳᠠᠭᠤᠯᠤᠨ ᠪᠠᠶᠢᠴᠠᠭᠠᠯᠳᠠ ᠭᠢᠭᠰᠡᠨ ᠨᠢ ᠮᠠᠨ ᠤ ᠬᠤᠳᠠ ᠶᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠨᠢᠭᠡ ᠣᠳᠠᠭᠠᠨ ᠤ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠪᠣᠯᠬᠤ ᠪᠥᠭᠡᠳ ᠪᠠᠰᠠ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠨᠢᠭᠡ ᠣᠳᠠᠭᠠᠨ ᠤ ᠰᠤᠳᠠᠯ ᠢ ᠠᠳᠬᠤᠭᠰᠠᠨ ᠣᠨᠣᠰᠢᠯᠠᠯᠲᠠ ᠪᠣᠯᠤᠨ᠎ᠠ᠃ ᠪᠥᠬᠦ ᠬᠤᠲᠠ ᠪᠠᠷ ᠢᠶᠠᠨ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠤ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠬᠦᠯᠢᠶᠡᠬᠦ ᠪᠠᠷ ᠲᠣᠬᠢᠶᠠᠯ ᠪᠣᠯᠭᠠᠨ᠂ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠴᠢᠨᠠᠷ᠂ ᠪᠠᠴᠢᠮ ᠲᠤᠯᠭᠠᠮ᠎ᠠ ᠴᠢᠨᠠᠷ ᠪᠣᠯᠤᠨ ᠲᠥᠪ ᠴᠢᠩᠭ᠎ᠠ ᠴᠢᠨᠠᠷ ᠢ ᠭᠦᠨᠵᠡᠭᠡᠶ ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠢ ᠲᠦᠷᠭᠡᠨ ᠰᠢᠢᠳᠪᠦᠷᠢᠯᠡᠬᠦ᠂ ᠠᠩᠬᠠᠷᠴᠤ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠬᠦ ᠶᠢ ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠲᠣᠭᠤᠷᠢᠭ ᠬᠤᠶᠠᠷ ᠱᠠᠲᠤᠨ ᠤ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠬᠤ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠯᠠᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠤᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠦᠷᠲᠡᠮᠵᠢ ᠶᠢᠨ ᠲᠦᠷᠦᠭᠳᠡᠯ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃     ᠲᠠᠩ ᠢ ᠱᠠᠭᠠᠷᠳᠠᠭᠰᠠᠨ ᠨᠢ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠢ ᠵᠠᠪᠰᠠᠷ ᠦᠭᠡᠢ ᠵᠣᠯᠭᠠᠭᠤᠯᠵᠤ᠂ ᠵᠣᠬᠢᠴᠠᠭᠤᠯᠤᠨ ᠨᠡᠪᠲᠡᠷᠡᠯᠴᠡᠬᠦ ᠪᠠ ᠦᠢᠯᠡᠴᠢᠯᠡᠭᠡᠨ ᠤ ᠪᠠᠲᠤᠯᠠᠭ᠎ᠠ ᠪᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠵᠣᠬᠢᠴᠠᠩᠭᠤᠢ ᠤᠷᠤᠭᠰᠢᠲᠠᠢ ᠶᠠᠪᠤᠭᠳᠠᠬᠤ᠂ ᠦᠢᠯᠡᠴᠢᠯᠡᠭᠡᠨ ᠤ ᠪᠠᠲᠤᠯᠠᠭ᠎ᠠ ᠶᠢᠨ ᠨᠠᠷᠢᠨ ᠨᠢᠮᠪᠠᠢ ᠪᠠᠶᠢᠬᠤ ᠶᠢ ᠪᠠᠲᠤᠯᠠᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号