ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠬᠠᠢ ᠬᠤᠳᠠ ᠶᠢᠨ 2022 ᠣᠨ ᠤ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾᠎ ᠤᠨ ᠡᠬᠢᠯᠡᠯᠲᠡ ᠶᠢᠨ ᠶᠣᠰᠣᠯᠠᠯ ᠢ ᠲᠡᠭᠦᠰ ᠠᠮᠵᠢᠯᠲᠠ ᠲᠠᠢ  ᠶᠠᠪᠤᠭᠳᠠᠭᠤᠯᠪᠠ
ᠨᠡᠶᠢᠲᠡᠯᠡᠭᠰᠡᠨ ᠴᠠᠭ᠄
2022/5/11
      ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠪᠦᠷᠢᠨ ᠪᠦᠲᠦᠨ ᠣᠨᠣᠪᠴᠢᠲᠠᠶ ᠡᠵᠡᠮᠳᠡᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠶ ᠪᠥᠭᠡᠳ ᠨᠠᠷᠢᠯᠢᠭ ᠪᠥᠭᠡᠳ  ᠪᠣᠯᠭᠠᠬᠤ ᠶᠢᠨ ᠲᠥᠯᠥᠭᠡ᠂5 ᠰᠠᠷ᠎ᠠ ᠶᠢᠨ 10᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶ᠎ᠠ ᠶᠢᠨ ᠤᠬᠠᠭᠤᠯᠬᠤ ᠬᠡᠯᠲᠡᠰ᠂ ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠳᠠᠭᠠᠭᠠᠨ ᠡᠷᠬᠢᠯᠡᠭᠰᠡᠨ ᠦᠬᠠᠢ ᠬᠤᠳᠠ ᠶᠢᠨ 2022 ᠣᠨ ᠤ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾᠎ ᠤᠨ ᠡᠬᠢᠯᠡᠯᠲᠡ ᠶᠢᠨ ᠶᠣᠰᠣᠯᠠᠯ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠤ ᠠᠭᠤᠳᠠᠮ ᠲᠠᠯᠠᠪᠠᠢ ᠳᠤ ᠶᠠᠪᠤᠭᠳᠠᠪᠠ᠃
1652231057178048659.png
1652231057225064337.png
    ᠠᠵᠢᠯᠯᠠᠭ᠎ᠠ ᠳᠤ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠥᠭᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃
1652231057276050521.png
1652231059187037569.png
1652231059862067278.png
    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯᠲᠠᠨ ᠲᠤᠬᠠᠶ ᠶᠢᠨ ᠲᠠᠯᠠᠪᠤᠷ ᠲᠤ ᠪᠠᠶᠢᠭᠰᠠᠨ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠰᠠᠮᠪᠠᠷ᠎ᠠ ᠶᠢᠨ ᠠᠭᠤᠯᠭ᠎ᠠ ᠶᠢ ᠲᠠᠶᠢᠯᠪᠤᠷᠢᠯᠠᠨ ᠥᠭᠴᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀᠎ ᠶᠢ ᠬᠡᠷᠡᠭᠵᠢᠭᠦᠯᠬᠦ ᠠᠷᠭ᠎ᠠ︾ ᠵᠡᠷᠭᠡ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠷᠬᠠᠭᠠᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号