ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠶᠢ ᠦᠭᠡᠷᠡᠴᠢᠯᠡᠨ ᠪᠠᠶᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠢ  ᠳᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2022/5/11
      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠶᠢ ᠦᠭᠡᠷᠡᠴᠢᠯᠡᠨ ᠪᠠᠶᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠢ  ᠳᠡᠭᠡᠭᠰᠢᠯᠡᠭᠦᠯᠤᠨ᠎ᠡ      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠣᠯ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠬᠠᠪᠤᠷ ᠵᠤᠨ ᠤ ᠤᠯᠠᠷᠢᠯ ᠤᠨ ᠪᠠᠷᠢᠯᠭ᠎ᠠ ᠶᠢᠨ ᠠᠵᠢᠯ ᠤᠨ ᠲᠦᠷᠭᠡᠨ ᠤᠷᠤᠭᠰᠢᠯᠠᠬᠤ ᠳᠠᠷᠤᠪᠴᠢ ᠶᠢ ᠳᠠᠷᠤᠬᠤ ᠶᠢ ᠲᠠᠭᠠᠯᠳᠤᠨ᠂ ᠬᠠᠶᠢᠷᠤᠪ ᠤᠨ ᠳᠤᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃      ᠰᠠᠨᠵᠢᠨ B ᠲᠣᠭᠤᠷᠢᠭ ᠢ 2000 ᠣᠨ ᠳᠤ ᠡᠬᠢᠯᠡᠨ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠵᠢᠴᠢ ᠴᠢᠳᠠᠮᠵᠢ ᠨᠢ ᠢᠯᠡᠳᠲᠡ ᠬᠦᠷᠦᠯᠴᠡᠬᠦ ᠥᠬᠡᠶ᠂ ᠠᠳᠠᠯ ᠠᠬᠤᠶ ᠶᠢᠨ ᠬᠠᠮᠢᠶᠠᠷᠤᠯᠲᠠ ᠨᠢ ᠲᠡᠭᠦᠯᠳᠡᠷ ᠪᠤᠰᠤ᠂ ᠰᠠᠭᠤᠭᠠᠯᠢ ᠠᠷᠠᠳ ᠤᠨ ᠥᠭᠡᠷᠡᠴᠢᠯᠡᠬᠦ ᠬᠦᠰᠡᠯ ᠡᠷᠡᠮᠡᠯᠵᠡᠯ ᠴᠢᠩᠭ᠎ᠠ ᠪᠠᠶᠢᠵᠤ᠂ ᠰᠤᠳᠤᠯᠬᠤ ᠪᠠᠷ ᠳᠡᠮᠵᠢᠨ 2022 ᠣᠨ ᠳᠤ ᠥᠭᠡᠷᠡᠴᠢᠯᠡᠬᠦ ᠪᠠᠷ ᠲᠥᠯᠥᠪᠯᠡᠵᠦ ᠪᠠᠶᠢᠭ᠎ᠠ ᠬᠠᠭᠤᠴᠢᠨ ᠲᠣᠭᠤᠷᠢᠭ ᠲᠤ ᠵᠢᠭᠰᠠᠭᠠᠨ ᠣᠷᠣᠭᠤᠯᠪᠠ᠃ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠣᠯᠠᠨ ᠲᠦᠮᠡᠨ ᠤ ᠰᠠᠨᠠᠯ ᠢ ᠭᠦᠢᠴᠡᠤᠡ ᠬᠤᠷᠢᠶᠠᠵᠤ᠂ ᠰᠠᠨᠵᠢᠨ B ᠲᠣᠭᠤᠷᠢᠭ ᠤᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠠᠵᠢᠯ ᠤᠨ ᠲᠥᠰᠦᠯ ᠢ ᠪᠡᠶ᠎ᠡ ᠪᠠᠷ ᠢᠶᠠᠨ ᠲᠣᠭᠲᠠᠭᠠᠵᠤ᠂ ᠥᠭᠡᠷᠡᠴᠢᠯᠡᠬᠦ ᠠᠭᠤᠯᠭ᠎ᠠ ᠳᠤ ᠤᠰᠤ ᠬᠠᠩᠭᠠᠬᠤ᠂ ᠤᠰᠤ ᠵᠠᠯᠠᠬᠤ᠂ ᠳᠤᠯᠠᠭᠠᠯᠠᠬᠤ᠂ ᠵᠠᠮ ᠵᠠᠰᠠᠬᠤ᠂ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠣᠯᠠᠨ ᠨᠡᠶᠢᠲᠡ ᠶᠢᠨ ᠣᠷᠣᠨ ᠪᠠᠶᠢᠷᠢ ᠶᠢ ᠰᠡᠯᠪᠢᠨ ᠵᠠᠰᠠᠬᠤ ᠵᠡᠷᠭᠡ ᠰᠠᠭᠤᠷᠢ ᠲᠥᠷᠥᠯ ᠤᠨ ᠵᠤᠶᠢᠯᠡᠰ ᠪᠠᠭᠲᠠᠨ᠎ᠠ᠃ ᠨᠣᠭᠤᠭᠠᠷᠠᠭᠤᠯᠬᠤ᠂ ᠭᠡᠷᠡᠯᠲᠦᠭᠦᠯᠬᠦ᠂ ᠰᠢᠨ᠎ᠡ ᠪᠠᠷ ᠪᠠᠶᠢᠭᠤᠯᠬᠤ ᠠᠵᠢᠯᠯᠠᠭᠠᠨ ᠤ ᠲᠠᠰᠤᠭ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠬᠤ᠂ ᠤᠶᠤᠨᠲᠤ ᠲᠦᠷᠭᠡᠨ ᠬᠦᠷᠭᠡᠬᠦ ᠵᠤᠶᠢᠯ ᠤᠨ ᠬᠠᠶᠢᠷᠴᠠᠭ ᠵᠡᠷᠭᠡ ᠳᠡᠭᠡᠭᠰᠢᠯᠡᠭᠦᠯᠬᠦ ᠲᠥᠷᠥᠯ ᠤᠨ ᠲᠥᠷᠥᠯ ᠵᠤᠶᠢᠯ ᠪᠠᠭᠳᠠᠨ᠎ᠠ᠃ ᠣᠳᠣ ᠪᠣᠯᠲᠠᠯ᠎ᠠ᠂ ᠥᠭᠡᠷᠡᠴᠢᠯᠡᠯᠲᠡ ᠨᠢᠭᠡᠨᠲᠡ ᠨᠢᠭᠡ ᠰᠠᠷ᠎ᠠ ᠰᠢᠬᠠᠮ ᠦᠷᠭᠦᠯᠵᠢᠯᠡᠵᠡᠶ᠃     ᠥᠭᠡᠷᠡᠴᠢᠯᠡᠯᠲᠡ ᠶᠢᠨ ᠠᠵᠢᠯ ᠳᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠨ ᠲᠤᠰᠬᠠᠵᠤ᠂ ᠥᠭᠡᠷᠡᠴᠢᠯᠡᠯᠲᠡ ᠶᠢᠨ ᠶᠠᠪᠤᠴᠠ ᠳᠤ ᠰᠠᠭᠤᠭᠠᠯᠢ ᠠᠷᠠᠳ ᠤᠨ ᠣᠷᠣᠯᠴᠠᠬᠤ ᠶᠢ ᠨᠡᠩ ᠰᠠᠶᠢᠨ ᠢᠯᠡᠷᠡᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠳᠤ ᠤᠯᠠᠨ ᠲᠦᠮᠡᠨ ᠢ ᠨᠡᠩ ᠬᠠᠨᠤᠮᠵᠢᠲᠠᠢ ᠪᠣᠯᠭᠠᠬᠤ ᠶᠢᠨ ᠲᠥᠯᠥᠭᠡ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ︽ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠬᠡᠷᠡᠭᠴᠡᠭᠡ ᠶᠢ ᠰᠢᠢᠳᠪᠦᠷᠢᠯᠡᠬᠦ︾᠎ ᠪᠠᠷ ᠬᠠᠷᠠᠯᠲᠠ ᠪᠣᠯᠭᠠᠵᠤ᠂ ᠬᠤᠶᠠᠷ ᠴᠢᠭᠯᠡᠯ ᠢᠶᠠᠷ ᠱᠠᠳᠤ ᠬᠤᠪᠢᠶᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠯᠠᠨ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠠᠶᠢᠲᠤᠷ ᠨᠠᠷᠢᠯᠢᠭ ᠬᠢᠬᠦ ᠬᠡᠷᠡᠭᠲᠡᠢ᠃     ᠠᠵᠢᠯ ᠤᠨ ᠳᠤᠮᠳᠠ᠂ ᠨᠡᠶᠢᠭᠡᠮ ᠲᠣᠭᠤᠷᠢᠭ ᠤᠨ ᠬᠢᠨ ᠡᠷᠦᠬᠡ ᠳᠤ ᠬᠦᠷᠴᠦ ᠰᠤᠷᠪᠤᠯᠵᠢᠯᠠᠨ ᠮᠡᠳᠡᠭᠳᠡᠬᠦ᠂ ᠠᠰᠠᠭᠤᠯᠲᠠ ᠶᠢᠨ ᠬᠠᠭᠤᠳᠠᠰᠤ ᠲᠠᠷᠬᠠᠭᠠᠨ ᠪᠠᠶᠢᠴᠠᠭᠠᠯᠲᠠ ᠬᠢᠬᠦ᠂ ᠰᠠᠭᠤᠭᠠᠯᠢ ᠠᠷᠠᠳ ᠤᠨ ᠸᠢᠴᠠᠲ ᠤᠨ ᠪᠦᠯᠦᠭ ᠠᠴᠠ ᠰᠠᠨᠠᠯ ᠬᠤᠷᠢᠶᠠᠬᠤ᠂ ᠶᠠᠷᠢᠯᠴᠠᠨ ᠵᠥᠪᠳᠡᠯᠴᠡᠬᠦ᠂ ᠰᠠᠨᠠᠯ ᠤᠨ ᠬᠠᠶᠢᠷᠴᠠᠭ ᠭᠠᠷᠭᠠᠬᠤ ᠪᠠ ᠰᠠᠨᠠᠯ ᠤᠨ ᠳᠡᠪᠲᠡᠷ ᠴᠤᠭᠯᠠᠭᠤᠯᠬᠤ ᠵᠡᠷᠭᠡ ᠬᠡᠯᠪᠡᠷᠢ ᠪᠠᠷ ᠳᠡᠮᠵᠢᠨ᠂ ᠥᠭᠡᠷᠡᠴᠢᠯᠡᠬᠦ ᠠᠵᠢᠯ ᠤᠨ ᠣᠯᠠᠨ ᠲᠦᠮᠡᠨ ᠤ ᠳᠤᠮᠳᠠ ᠣᠶᠢᠯᠠᠭᠠᠬᠤ ᠨᠣᠷᠮ᠎ᠠ ᠪᠠ ᠳᠡᠮᠵᠢᠬᠦ ᠨᠣᠷᠮ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠭᠤᠭᠠᠯᠢ ᠠᠷᠠᠳ ᠢ ᠥᠭᠡᠷᠡᠴᠢᠯᠡᠬᠦ ᠪᠥᠬᠦ ᠶᠠᠪᠤᠴᠠ ᠳᠤ ᠭᠦᠢᠴᠡᠤᠡ ᠣᠷᠣᠯᠴᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠴᠢᠩᠭ᠎ᠠ ᠪᠠᠶᠢᠭ᠎ᠠ ᠠᠰᠠᠭᠤᠳᠠᠯ ᠢ ᠲᠥᠷᠥᠯ ᠬᠤᠪᠢᠶᠠᠨ ᠡᠮᠬᠢᠯᠡᠵᠦ ᠡᠬᠡ ᠲᠠᠩᠰᠠ ᠪᠠᠶᠢᠭᠤᠯᠬᠤ ᠬᠡᠷᠡᠭᠲᠡᠶ᠃      ᠰᠠᠭᠤᠭᠠᠯᠢ ᠠᠷᠠᠳ ᠤᠨ ︽ᠪᠠᠴᠢᠮᠳᠠᠬᠤ ᠬᠦᠴᠢᠷᠳᠡᠬᠦ ᠵᠣᠪᠠᠨᠢᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠨᠠᠮ ᠤᠨ ᠡᠭᠦᠷ ᠢ ᠪᠠᠶᠢᠭᠤᠯᠪᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠠᠴᠠ ᠲᠦᠷᠦᠭᠦᠯᠡᠨ ᠵᠢᠷᠤᠭ ᠲᠥᠯᠥᠪᠯᠡᠭᠡ ᠶᠢᠨ ᠲᠠᠯ᠎ᠠ ᠪᠣᠯᠤᠨ ᠪᠠᠷᠢᠯᠭ᠎ᠠ ᠶᠢᠨ ᠨᠢᠭᠡᠴᠡ ᠲᠠᠢ ᠵᠣᠯᠭᠠᠭᠤᠯᠵᠤ᠂ ᠡᠭᠦᠨ ᠤ ᠬᠠᠮᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠪᠠᠭ᠎ᠠ ᠲᠣᠭᠤᠷᠢᠭ ᠤᠨ ᠨᠠᠮ ᠤᠨ ᠡᠭᠦᠷ ᠤᠨ ᠲᠥᠯᠥᠭᠡᠯᠡᠭᠴᠢ ᠲᠠᠢ ᠬᠠᠮᠲᠤᠷᠠᠨ ᠲᠤᠬᠠᠢ ᠶᠢᠨ ᠭᠠᠵᠠᠷ ᠲᠤ ᠬᠦᠷᠴᠦ ᠬᠠᠶᠢᠨ ᠪᠠᠶᠢᠴᠠᠭᠠᠯᠲᠠ ᠬᠢᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠣᠯᠤᠨ ᠵᠦᠢ ᠵᠣᠬᠢᠰᠲᠠᠢ ᠰᠠᠨᠠᠭᠤᠯᠭ᠎ᠠ ᠶᠢ ᠭᠦᠢᠴᠡᠳ ᠪᠣᠳᠣᠯᠬᠢᠯᠠᠵᠤ᠂ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢᠨ ᠲᠥᠰᠦᠯ ᠳᠤ ᠵᠣᠬᠢᠰᠲᠠᠢ ᠲᠤᠬᠢᠷᠠᠭᠤᠯᠤᠯᠳᠠ ᠬᠢᠵᠦ᠂ ᠥᠭᠡᠷᠡᠴᠢᠯᠡᠨ ᠰᠠᠶᠢᠵᠢᠷᠠᠭᠤᠯᠬᠤ ᠲᠥᠰᠦᠯ ᠳᠤ ᠲᠠᠬᠢᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠢ᠃     ᠰᠠᠨᠵᠢᠨ ᠤ B ᠲᠣᠭᠤᠷᠢᠭ ᠤᠨ ᠰᠠᠭᠤᠭᠠᠯᠢ ᠠᠷᠠᠳ ᠯᠢᠦ ᠹᠦ᠋᠄ ︽20 ᠵᠢᠯ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠳᠤᠯᠠᠭᠠᠯᠠᠭ᠎ᠠ᠂ ᠤᠰᠤᠨ ᠬᠤᠭᠤᠯᠠᠢ ᠪᠦᠷ ᠬᠠᠭᠤᠴᠢᠷᠠᠵᠤ᠂ ᠣᠷᠴᠢᠨ ᠲᠣᠭᠤᠷᠢᠨ ᠴᠤ ᠲᠡᠶᠢᠮᠦ ᠰᠠᠶᠢᠨ ᠪᠢᠰᠢ ᠪᠣᠯᠵᠠᠢ᠂ ᠨᠡᠶᠢᠭᠡᠮ ᠲᠣᠭᠤᠷᠢᠭ ᠤᠨ ᠨᠠᠮ ᠤᠨ ᠡᠭᠦᠷ ᠪᠣᠯᠤᠨ ᠪᠦᠬᠦ ᠬᠥᠮᠦᠰ ᠤᠨ ᠴᠢᠷᠮᠠᠶᠢᠯᠭ᠎ᠠ ᠪᠠᠷ᠂ ᠮᠠᠨ ᠤ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠯᠠᠪᠲᠠᠢ ᠨᠡᠩ ᠲᠡᠭᠦᠯᠳᠡᠷᠵᠢᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠴᠤ ᠤᠯᠠᠮ ᠠᠴᠠ ᠤᠯᠠᠮ ᠰᠠᠶᠢᠵᠢᠷᠠᠬᠤ ᠪᠣᠯᠤᠨ᠎ᠠ︾ ᠭᠡᠵᠦ ᠬᠡᠯᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢ ᠤᠯᠠᠨ ᠲᠦᠮᠡᠨ ᠤ ᠬᠦᠰᠡᠯ ᠰᠠᠨᠠᠭ᠎ᠠ ᠪᠠᠷ ᠭᠤᠣᠯ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢ ᠰᠢᠢᠤᠡᠪᠤᠷᠢᠯᠡᠬᠦ ᠠᠴᠠ ᠡᠭᠦᠰᠴᠦ᠂ ᠥᠭᠡᠷᠡᠴᠢᠯᠡᠬᠦ ᠠᠴᠠ ᠡᠮᠦᠨ᠎ᠡ ᠠᠷᠠᠳ ᠤᠨ ᠬᠡᠷᠡᠭᠴᠡᠭᠡ ᠶᠢ ᠠᠰᠠᠭᠤᠵᠤ᠂ ᠡᠷᠦᠬᠡ ᠳᠤ ᠣᠷᠣᠬᠤ ᠠᠷᠭ᠎ᠠ ᠮᠠᠶ᠋ᠢᠭ ᠢᠶᠠᠷ ᠳᠡᠮᠵᠢᠨ ᠨᠢᠭᠡᠳ ᠨᠢᠭᠡ ᠪᠠᠷ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ  ᠭᠦᠢᠴᠡᠤᠡ ᠬᠤᠷᠢᠶᠠᠵᠤ᠂ ᠰᠠᠭᠤᠭᠠᠯᠢ ᠠᠷᠠᠳ ᠤᠨ ︽ᠬᠠᠮᠤᠭ ᠠᠴᠠ ᠠᠩᠬᠠᠷᠴᠤ ᠪᠠᠶᠢᠭ᠎ᠠ︾ ᠬᠦᠰᠡᠯ ᠱᠠᠭᠠᠷᠳᠠᠯᠭ᠎ᠠ ᠶᠢ ᠥᠭᠡᠷᠡᠴᠢᠯᠡᠬᠦ ᠠᠭᠤᠯᠭ᠎ᠠ ᠳᠤ ᠣᠷᠣᠭᠤᠯᠤᠨ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠥᠭᠡᠷᠡᠴᠢᠯᠡᠬᠦ᠂ ᠵᠠᠰᠠᠬᠤ᠂ ᠬᠥᠭᠵᠢᠭᠦᠯᠬᠦ ᠶᠠᠪᠤᠴᠠ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠢᠮᠠᠭᠲᠠ ᠲᠤᠤᠱᠯᠠᠭᠤᠯᠵᠤ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠰᠢᠨ᠎ᠡ ᠠᠷᠭ᠎ᠠ ᠶᠢ ᠴᠢᠷᠮᠠᠶᠢᠨ ᠰᠦᠪᠡᠭᠴᠢᠯᠡᠵᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠣᠳᠣᠯᠬᠢᠯᠠᠬᠤ ᠬᠡᠷᠡᠭᠲᠡᠶ᠃ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ᠄ ᠰᠠᠭᠤᠷᠢ ᠪᠡᠯᠡᠳᠬᠡᠮᠵᠢ ᠶᠢ ᠥᠭᠡᠷᠡᠴᠢᠯᠡᠬᠦ᠂ ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ᠂ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠰᠠᠭᠤᠷᠢ ᠲᠥᠷᠥᠯ ᠤᠨ ᠲᠥᠷᠥᠯ ᠵᠤᠶᠢᠯ ᠭᠡᠵᠦ ᠬᠤᠪᠢᠶᠠᠨ᠎ᠠ︔ ᠰᠠᠭᠤᠭᠠᠯᠢ ᠠᠷᠠᠳ ᠤᠨ ᠲᠣᠭᠤᠷᠢᠭ ᠤᠨ ᠨᠥᠬᠦᠴᠡᠯ ᠪᠣᠯᠤᠯᠴᠠᠭ᠎ᠠ ᠲᠠᠢ ᠪᠠᠶᠢᠬᠤ ᠤᠷᠢᠲᠠᠯ ᠳᠣᠤᠷ᠎ᠠ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠰᠠᠭᠠᠳ ᠥᠬᠡᠶ ᠲᠥᠬᠦᠭᠡᠷᠦᠮᠵᠢ᠂ ᠲᠡᠷᠭᠡᠨ ᠵᠣᠭᠰᠣᠭᠠᠯ᠂ ᠬᠡᠰᠡᠭ ᠨᠢᠭᠡᠴᠡ ᠳᠤ ᠴᠠᠬᠢᠯᠭᠠᠨ ᠱᠠᠲᠤ᠂ ᠭᠡᠷᠡᠯᠲᠦᠭᠦᠯᠭᠡ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ᠂ ᠰᠣᠶᠣᠯ ᠰᠡᠯᠡᠭᠦᠴᠡᠯ ᠤᠨ ᠲᠥᠬᠦᠭᠡᠷᠦᠮᠵᠢ ᠵᠡᠷᠭᠡ ᠪᠦᠷᠢᠨ ᠲᠡᠭᠦᠯᠳᠡᠷ ᠲᠥᠷᠥᠯ ᠵᠤᠶᠢᠯ ᠢ ᠨᠡᠮᠡᠵᠦ ᠤᠭᠰᠠᠷᠠᠬᠤ︔ ᠨᠡᠶᠢᠭᠡᠮ ᠲᠣᠭᠤᠷᠢᠭ ᠤᠨ  ᠤᠶᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ᠂ ᠬᠡᠤᠬᠡᠳ ᠰᠠᠭᠠᠲᠠᠭᠤᠯᠬᠤ᠂ ᠬᠤᠭᠤᠯᠠ ᠲᠤᠰᠠᠯᠠᠬᠤ᠂ ᠨᠢᠭᠦᠯᠡᠰᠦᠩᠭᠦᠶ ᠶᠢᠨ ᠬᠡᠲᠦ ᠳᠡᠯᠭᠡᠭᠦᠷ ᠵᠡᠷᠭᠡ ᠳᠡᠭᠡᠭᠰᠢᠯᠡᠭᠦᠯᠬᠦ ᠲᠥᠷᠥᠯ ᠤᠨ ᠵᠤᠶᠢᠯᠡᠰ ᠢ ᠲᠣᠭᠲᠠᠭᠠᠪᠠ᠃ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠦᠨ᠎ᠡ᠃                        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号