ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠰᠠᠷ᠎ᠠ︾᠎ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/12
      ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠤᠯᠭᠠᠬᠤ ᠶᠢᠨ ᠲᠦᠯᠤᠭᠡ᠂ 2022 ᠣᠨ ᠤ 5 ᠰᠠᠷ᠎ᠠ ᠶᠢᠨ 10᠎ ᠤ ᠡᠳᠦᠷ᠂ ᠦᠬᠠᠢ ᠬᠤᠳᠠ ᠶᠢᠨ ︽ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠳᠤ ᠶᠠᠪᠤᠭᠳᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠬᠠᠤᠯᠢ ᠴᠠᠭᠠᠵᠠ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢ ᠢᠳᠡᠪᠬᠢᠲᠡᠢ ᠵᠣᠬᠢᠶᠠᠨ ᠪᠠᠶᠢᠭᠤᠯᠵᠤ ᠠᠵᠢᠯᠯᠠᠭ᠎ᠠ ᠳᠤ ᠣᠷᠣᠯᠴᠠᠭᠤᠯᠵᠠᠢ᠃
1652173871667038047.png   
            ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠬᠤᠲᠠ ᠶᠢᠨ ᠠᠷᠠᠳ ᠲᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠰᠤᠷᠭᠠᠨ ᠬᠥᠮᠦᠵᠢᠯ ᠤᠨ  ᠰᠢᠰᠲ᠋ᠧᠮ ᠤᠨ ᠥᠷᠨᠢᠭᠦᠯᠦᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠢᠶ᠎ᠠ ᠪᠦᠬᠦᠢ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠨᠢᠭᠲᠠᠷᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ 100 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ ᠠᠰᠠᠭᠤᠨ ᠯᠠᠪᠯᠠᠵᠠᠶ᠃
1652173871671052961.png  
           ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ︽ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪ ᠤᠨ ᠲᠣᠭᠤᠷᠢᠨ ᠳᠤ᠂ ᠪᠦᠬᠦ ᠰᠤᠷᠭᠠᠨ ᠬᠥᠮᠦᠵᠢᠯ ᠤᠨ ᠰᠢᠰᠲ᠋ᠧᠮ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ᠂ ᠮᠡᠳᠡᠯᠭᠡ ᠶᠢᠨ ᠤᠷᠤᠯᠳᠤᠭᠠᠨ᠂ ᠵᠣᠬᠢᠶᠠᠯ ᠡᠯᠰᠡᠬᠦ ᠶᠠᠷᠢᠶ᠎ᠠ ᠢᠯᠡᠳᠬᠡᠯ ᠵᠡᠷᠭᠡ ᠪᠠᠭᠰᠢ ᠰᠤᠷᠤᠭᠴᠢᠳ ᠤᠨ ᠦᠵᠡᠵᠦ ᠰᠣᠨᠣᠰᠬᠤ ᠳᠤᠷᠠᠲᠠᠶ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠨᠠᠮ ᠳᠠᠭᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠶᠡᠭᠡ ᠬᠥᠭᠵᠢᠯᠲᠡ᠂ ᠶᠡᠭᠡ ᠴᠡᠴᠡᠭᠯᠡᠯᠲᠡ ᠶᠢᠨ ᠭᠤᠣᠯ ᠬᠦᠭ ᠠᠶᠠᠰ ᠢ ᠶᠡᠬᠡᠪᠡᠷ ᠴᠤᠤᠷᠢᠶᠠᠲᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠰᠣᠶᠣᠯ ᠤᠨ ᠦᠷ᠎ᠡ ᠶᠢ ᠰᠤᠷᠭᠠᠭᠤᠯᠢ ᠶᠢᠨ ᠬᠦᠷᠢᠶᠡᠨ ᠤ ᠬᠡᠦᠬᠡᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠤᠶ᠎ᠠ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号