ᠪᠣᠯᠪᠠᠰᠤᠨ ᠵᠢᠵᠢᠭ ᠲᠤᠭᠤᠷᠢᠭ ᠢ ᠡᠭᠦᠳᠦᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/5/12
      5 ᠰᠠᠷ᠎ᠠ ᠶᠢᠨ 10᠎ ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠤᠶᠤᠨ ᠤ ᠪᠣᠯᠪᠠᠰᠤᠨ ᠤ ᠠᠯᠪᠠᠨ ᠭᠡᠷ ᠤᠨ ᠪᠣᠯᠪᠠᠰᠤᠨ ᠪᠠᠭ᠎ᠠ ᠲᠣᠭᠤᠷᠢᠭ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠾᠧ ᠫᠢᠩ ᠨᠡᠶᠢᠭᠡᠮ ᠲᠣᠭᠤᠷᠢᠭ ᠲᠤ ᠢᠷᠡᠵᠦ᠂ ᠨᠡᠶᠢᠭᠡᠮ ᠲᠣᠭᠤᠷᠢᠭ ᠤᠨ ᠪᠣᠯᠪᠠᠰᠤᠨ ᠪᠠᠭ᠎ᠠ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠨᠡᠶᠢᠭᠡᠮ ᠲᠣᠭᠤᠷᠢᠭ ᠤᠨ ᠡᠷᠬᠢᠯᠡᠭᠴᠢ ᠶᠢᠨ ᠪᠠᠷ᠎ᠠ ᠪᠣᠯᠣᠯᠭ᠎ᠠ ᠲᠠᠢ ᠪᠠᠷ᠂ ᠢᠦᠢ ᠡᡁᠧ ᠶᠤᠸᠠᠨ ᠪᠠᠭ᠎ᠠ ᠲᠣᠭᠤᠷᠢᠭ᠂ ᠮᠧᠩ ᠰᠢ ᠶᠢᠨ ᠳ᠋ᠢᠶᠠᠨ ᠪᠠᠭ᠎ᠠ ᠲᠣᠭᠤᠷᠢᠭ᠂ ᠵᠢᠶᠠᠨ ᠪᠸᠢ ᠪᠠᠭ᠎ᠠ ᠲᠣᠭᠤᠷᠢᠭ᠂ ᠬᠠᠢ ᠡᡁᠧ ᠴᠡᠴᠡᠷᠯᠢᠭ᠂ ᠠᠷᠠᠳ ᠤᠨ ᠶᠠᠪᠤᠳᠠᠯ ᠤᠨ ᠪᠠᠭ᠎ᠠ ᠲᠣᠭᠤᠷᠢᠭ᠂ ᠵᠦᠩ ᠹᠦ᠋ ᠷᠧᠨ ᠡᡁᠧ ᠪᠠᠭ᠎ᠠ ᠲᠣᠭᠤᠷᠢᠭ ᠵᠢᠴᠢ ᠬᠠᠢ ᠰᠢᠨ ᠵᠢᠶᠠ ᠶᠤᠸᠠᠨ ᠪᠠᠭ᠎ᠠ ᠲᠣᠭᠤᠷᠢᠭ ᠲᠤ ᠬᠠᠶᠢᠷᠤᠪ ᠤᠨ ᠳᠤᠬᠤᠢ ᠲᠣᠭᠤᠷᠢᠭ ᠤᠨ ᠸᠧᠨ ᠮᠢᠨ ᠪᠠᠭ᠎ᠠ ᠲᠣᠭᠤᠷᠢᠭ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠵᠤ᠂ ᠪᠠᠭ᠎ᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠨᠡᠶᠢᠲᠡ ᠶᠢᠨ ᠠᠰᠠᠷᠠᠮᠵᠢ ᠶᠢᠨ ᠵᠠᠷ᠂ ᠠᠳᠠᠯ ᠠᠬᠤᠢ ᠶᠢᠨ ᠬᠠᠮᠢᠶᠠᠷᠤᠯᠲᠠ᠂ ᠲᠡᠷᠭᠡ ᠬᠥᠰᠬᠡ ᠵᠣᠭᠰᠣᠭᠠᠬᠤ᠂ ᠭᠠᠯ ᠤᠨᠲᠠᠷᠠᠭᠠᠬᠤ ᠵᠠᠮ ᠵᠡᠷᠭᠡ ᠲᠠᠯ᠎ᠠ ᠶᠢᠨ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠨ᠎ᠠ᠃ ᠡᠭᠦᠨ ᠤ ᠵᠡᠷᠭᠡ ᠳᠤ ᠬᠤᠯᠪᠣᠭᠳᠠᠯ ᠪᠥᠬᠦᠶ ᠤᠬᠠᠭᠤᠯᠭ᠎ᠠ ᠪᠠ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠥᠷᠨᠢᠭᠦᠯᠵᠦ᠂ ᠰᠠᠭᠤᠭᠠᠯᠢ ᠠᠷᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠯᠠᠨ ᠤ ︽ᠪᠣᠯᠪᠠᠰᠤᠨ ᠵᠢᠵᠢᠭ ᠲᠣᠭᠤᠷᠢᠭ ᠢ ᠡᠭᠦᠳᠦᠨ ᠪᠠᠶᠢᠭᠤᠯᠬᠤ︾ ᠲᠤᠬᠠᠶ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠰᠢᠰᠲ᠋ᠧᠮ ᠲᠠᠢ ᠤᠶᠢᠯᠠᠭᠠᠨ᠂ ᠪᠣᠯᠪᠠᠰᠤᠨ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠲᠠᠯ᠎ᠠ ᠪᠠᠷ ᠬᠢ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠠᠰᠠᠭᠤᠨ ᠯᠠᠪᠯᠠᠵᠤ᠂ ᠨᠢᠭᠡᠳ ᠨᠢᠭᠡ ᠪᠠᠷ ᠲᠡᠮᠳᠡᠭᠯᠡᠨ᠂ ᠨᠠᠩ ᠬᠠᠨᠤᠮᠵᠢᠲᠠᠶ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠪᠠᠰᠤᠨ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠳᠤ ᠲᠥᠬᠦᠮ ᠪᠣᠯᠭᠠᠨ᠎ᠠ᠃
20220512094354220.png     
      ᠡᠴᠦᠰ ᠲᠤ᠂ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ ᠨᠡᠶᠢᠭᠡᠮ ᠲᠣᠭᠤᠷᠢᠭ ᠤᠨ ᠠᠵᠢᠯᠲᠠᠨ ᠪᠠ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠠᠵᠢᠯ ᠳᠤ ᠱᠠᠭᠠᠷᠳᠠᠯᠭ᠎ᠠ ᠳᠤᠷᠠᠳᠴᠤ᠂ ᠪᠣᠯᠪᠠᠰᠤᠨ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠳᠤ ᠵᠠᠪᠠᠯ ᠨᠠᠷᠢᠨ‌ᠵᠤᠶᠢᠯᠡᠰ ᠤᠨ ᠲᠠᠯ᠎ᠠ ᠠᠴᠠ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠯᠠᠨ ᠲᠦᠮᠡᠨ ᠳᠤ ᠲᠥᠬᠦᠮ ᠦᠵᠡᠭᠦᠯᠦᠨ᠂ ᠪᠣᠯᠪᠠᠰᠤᠨ ᠢ ᠢᠯᠡᠷᠡᠭᠦᠯᠵᠦ᠂ ᠡᠭᠦᠨ ᠤ ᠤᠯᠠᠮ ᠠᠴᠠ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号