ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠰᠠᠯᠬᠢ ᠪᠣᠷᠣᠭᠠᠨ ᠠᠴᠠ ᠠᠶᠤᠬᠤ ᠦᠭᠡᠢ ᠪᠠᠷ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/5/12
      ᠣᠶᠢᠷ᠎ᠠ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠰᠢᠨ ᠴᠧᠩ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠡᠮᠡᠭᠲᠡᠶᠢᠴᠦᠳ ᠢ ᠵᠣᠬᠢᠶᠠᠨ ᠪᠠᠶᠢᠭᠤᠯᠤᠨ ︽ᠤᠮᠠᠷᠠᠲᠤ ᠬᠢᠯᠢ ᠶᠢᠨ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ︾᠎ ᠤᠨ ᠰᠦᠯᠵᠢᠶᠡᠨ ᠳᠡᠭᠡᠷᠡᠬᠢ ᠰᠤᠷᠭᠠᠭᠤᠯᠢ ᠳᠤ ᠣᠷᠣᠯᠴᠠᠭᠤᠯᠵᠤ᠂ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠳ᠋ᠣᠺᠲ᠋ᠣᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠧᠰᠰᠤᠷ ᠢᠦᠢ ᠮᠧᠢ ᠯᠢ ᠶᠢᠨ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠰᠠᠯᠬᠢ ᠪᠣᠷᠣᠭᠠᠨ ᠠᠴᠠ ᠠᠶᠤᠬᠤ ᠦᠭᠡᠢ ᠪᠠᠷ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ — 2022 ᠣᠨ ᠤ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤᠴᠤᠳ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠭᠦᠨᠵᠡᠭᠡᠢ ᠣᠶᠢᠯᠠᠭᠠᠪᠠ᠃
20220512094354220.png   
            ᠰᠤᠷᠤᠯᠴᠠᠯᠭ᠎ᠠ ᠪᠠᠷ ᠳᠠᠮᠵᠢᠨ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠢ ᠴᠢᠳᠠᠮᠠᠭᠠᠢ ᠪᠠᠷ ᠰᠤᠷᠤᠯᠴᠠᠨ ᠳ᠋ᠦᠩᠨᠡᠬᠦ ᠶᠢ ᠤᠷᠢᠶᠠᠯᠠᠨ᠎ᠠ᠃ ᠨᠡᠶᠢᠭᠡᠮ ᠲᠣᠭᠤᠷᠢᠭ ᠤᠨ ᠬᠢᠨ ᠴᠢᠬᠤᠯᠠᠴᠢᠯᠠᠭᠰᠠᠨ ᠨᠢ᠂ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠣᠨᠣᠯ ᠤᠨ ᠦᠨᠳᠦᠰᠦᠨ ᠪᠣᠯᠪᠠᠰᠤᠷᠠᠯ ᠢᠶᠠᠨ ᠪᠠᠲᠤᠳᠬᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠰᠡᠳᠬᠢᠨ ᠪᠣᠳᠣᠯᠬᠢᠯᠠᠬᠤ ᠪᠠ ᠦᠢᠯᠡ ᠠᠵᠢᠯᠯᠠᠭ᠎ᠠ ᠳᠠᠭᠠᠨ ᠰᠢᠮᠳᠠᠵᠤ᠂ ᠵᠣᠷᠢᠭᠲᠠᠢ ᠪᠠᠷ ᠬᠠᠷᠢᠭᠤᠴᠠᠬᠤ ᠪᠠ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠰᠤᠷᠤᠯᠴᠠᠬᠤ ᠰᠡᠳᠬᠢᠬᠦ ᠣᠶᠢᠯᠠᠭᠠᠬᠤ ᠦᠢᠯᠡᠳᠦᠯᠭᠡᠵᠢᠭᠦᠯᠬᠦ ᠢᠲᠡᠭᠡᠯ ᠪᠢᠰᠢᠷᠡᠯ ᠢᠶᠠᠨ ᠪᠠᠲᠤᠳᠬᠠᠵᠤ᠂ ᠮᠡᠳᠡᠬᠦᠶ ᠬᠢᠬᠦᠶ ᠪᠠᠨ ᠨᠢᠭᠡᠳᠬᠡᠵᠦ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠎ᠡ᠃ ᠰᠢᠨ ᠴᠧᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠠᠷᠢᠶ᠎ᠠ ᠲᠣᠭᠤᠷᠢᠭ ᠤᠨ ᠢᠶᠠᠨ ᠵᠠᠯᠠᠭᠤᠴᠤᠳ ᠢ ᠤᠷᠢᠶᠠᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠲᠤᠰ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠢᠳᠡᠪᠬᠢᠲᠡᠢ ᠤᠷᠤᠭᠰᠢᠯᠠᠨ ᠲᠠᠪᠰᠢᠵᠤ᠂ ᠦᠢᠯᠡᠰ ᠪᠦᠲᠦᠭᠡᠬᠦ ᠪᠠᠷ ᠬᠦᠴᠦᠯᠡᠨ ᠴᠢᠷᠮᠠᠶᠢᠵᠤ᠂ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠪᠡ᠃
20220512100437659.png   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号