ᠰᠦᠨ ᠬᠤᠤ᠄ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ  ᠰᠢᠢᠤᠡᠪᠤᠷᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2022/5/12
      ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠤᠬᠢᠷᠠᠭᠤᠯᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
微信图片_20220512091717.jpg    
         ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
微信图片_20220512091723.jpg    
          ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ  ᠭᠡᠵᠤ ᠴᠢᠬᠤᠯᠠᠴᠢᠯᠠᠪᠠ᠃      ᠰᠦᠨ ᠬᠤᠤ᠂ ᠠᠶᠤᠯᠭᠦᠢ ᠦᠢᠯᠡᠳᠪᠦᠷᠢᠯᠡᠯ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠵᠤ᠂ ᠭᠠᠷᠴᠤ ᠮᠡᠳᠡᠬᠦ ᠠᠮᠤᠷ ᠲᠦᠪᠰᠢᠨ ᠤ ᠠᠰᠠᠭᠤᠳᠠᠯ ᠤᠨ ᠲᠤᠬᠠᠢ ᠪᠡᠯᠡᠳᠬᠡᠯ ᠲᠥᠰᠦᠯ ᠢ ᠰᠠᠶᠢᠲᠤᠷ ᠬᠢᠬᠦ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠬᠦᠴᠦ ᠪᠠᠨ ᠬᠠᠮᠲᠤᠳᠬᠠᠨ ᠠᠷᠢᠯᠭᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠶᠡᠳᠡᠭᠦᠯᠦᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠢ᠃ ᠤᠯᠠᠨ ᠲᠦᠮᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠲᠦᠷᠢᠮ ᠤᠨ ᠬᠥᠮᠦᠵᠢᠯ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤᠮᠳᠠ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠢᠨ ᠰᠡᠴᠡᠨ ᠰᠡᠷᠭᠦᠯᠡᠩ ᠠᠪᠢᠶᠠᠰ ᠴᠢᠳᠠᠪᠤᠷᠢ ᠪᠠ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠲᠣᠰᠬᠤᠨ ᠨᠢᠭᠡ ᠦᠢᠯᠡᠳᠬᠦᠨ᠂ ᠨᠢᠭᠡ ᠨᠡᠶᠢᠭᠡᠮ ᠲᠣᠭᠤᠷᠢᠭ ᠨᠢᠭᠡ ᠦᠢᠯᠡᠳᠬᠦᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠣᠨᠴᠠᠯᠢᠭ ᠢ ᠪᠦᠷᠢᠯᠳᠦᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号