ᠲᠠᠩ ᠢ ᠪᠦᠯᠬᠦᠮ ᠳᠠᠭᠠᠭᠤᠯᠤᠨ ᠬᠤᠨᠠᠨ ᠤ ᠬᠡᠰᠡᠭ ᠠᠵᠤ ᠠᠬᠤᠶᠢᠯᠠᠯ ᠳᠤ ᠬᠦᠷᠴᠦ ᠰᠢᠨ᠎ᠡ ᠡᠨᠧᠷᠭᠢ᠂  ᠲᠤᠨᠤᠭᠯᠠᠯ ᠦᠢᠯᠡᠳᠬᠦ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠶ ᠰᠢᠨᠵᠢᠯᠡᠨ  ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2022/5/13
      5 ᠰᠠᠷ᠎ᠠ ᠶᠢᠨ 10᠎ ᠤ ᠡᠳᠦᠷ ᠠᠴᠠ 11᠎ ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠬᠤᠨᠠᠨ ᠤ ᠬᠡᠰᠡᠭ ᠠᠵᠤ ᠠᠬᠤᠶᠢᠯᠠᠯ ᠳᠤ ᠬᠦᠷᠴᠦ ᠰᠢᠨ᠎ᠡ ᠡᠨᠧᠷᠭᠢ᠂ ᠲᠣᠨᠣᠭᠯᠠᠯ ᠦᠢᠯᠡᠳᠬᠦ ᠬᠤᠯᠪᠤᠭᠳᠠᠯ ᠪᠦᠬᠦᠢ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃   ᠶᠠᠩ ᠶᠦᠩ ᠰᠡᠭᠦᠳᠡᠷᠯᠡᠪᠡ  
2022-05-13-21571f289b-75c3-4695-a140-c4d124fc1afd.jpg   
      5 ᠰᠠᠷ᠎ᠠ ᠶᠢᠨ 10᠎ ᠤ ᠡᠳᠦᠷ ᠠᠴᠠ 11᠎ ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠬᠤᠨᠠᠨ ᠤ ᠬᠡᠰᠡᠭ ᠠᠵᠤ ᠠᠬᠤᠶᠢᠯᠠᠯ ᠳᠤ ᠬᠦᠷᠴᠦ ᠰᠢᠨ᠎ᠡ ᠡᠨᠧᠷᠭᠢ᠂ ᠲᠣᠨᠣᠭᠯᠠᠯ ᠦᠢᠯᠡᠳᠬᠦ ᠬᠤᠯᠪᠤᠭᠳᠠᠯ ᠪᠦᠬᠦᠢ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃ ᠬᠤᠳᠠ ᠶᠢᠨ ᠤᠳᠤᠷᠢᠳᠤᠯᠭ᠎ᠠ ᠰᠦᠨ ᠬᠤᠤ᠂ ᠸᠠᠩ ᠵᠢᠢ ᠫᠢᠩ ᠬᠠᠮᠲᠤ ᠰᠢᠨᠵᠢᠯᠡᠨ ᠪᠠᠶᠢᠴᠠᠭᠠᠪᠠ᠃            ᠲᠠᠩ ᠢ ᠨᠡᠷ ᠤᠷᠢᠳ ᠬᠤᠵᠢᠳ ᠵᠦᠵᠸᠤ ᠶᠢᠨ ᠵᠦᠩ ᠴᠧ ᠱᠢ ᠳ᠋ᠠᠢ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠠᠩᠱᠠ ᠶᠢᠨ ᠵᠦᠩ ᠯᠢᠶᠠᠨ ᠬᠦᠨᠳᠦ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ ᠡᠵᠡᠩᠨᠡᠯᠲᠡ ᠶᠢᠨ ᠣᠳᠣᠬᠢ ᠪᠠᠶᠢᠳᠠᠯ᠂ ᠦᠢᠯᠡᠳᠬᠦᠨ ᠤ ᠰᠤᠳᠤᠯᠤᠨ ᠨᠡᠭᠡᠭᠡᠯᠲᠡ᠂ ᠣᠶᠤᠨᠴᠢ ᠦᠢᠯᠡᠳᠬᠡᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠢ ᠪᠦᠬᠦ ᠲᠠᠯ᠎ᠠ ᠪᠠᠷ ᠤᠢᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠤᠰ ᠲᠤᠰ ᠶᠠᠷᠢᠯᠴᠠᠨ ᠰᠣᠯᠢᠯᠴᠠᠪᠠ᠃                 ᠶᠠᠷᠢᠯᠴᠠᠬᠤ ᠬᠤᠷᠠᠯ ᠳᠡᠭᠡᠷ᠎ᠡ᠂ ᠲᠠᠩ ᠢ ᠦᠬᠠᠢ ᠬᠤᠳᠠ ᠶᠢᠨ ᠪᠠᠶᠢᠳᠠᠯ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠵᠦᠵᠸᠤ ᠶᠢᠨ ᠵᠥᠩ ᠴᠧ᠂ ᠵᠥᠩ ᠯᠢᠶᠠᠨ ᠨᠡᠷᠡᠮᠵᠢᠲᠦ ᠬᠦᠨᠳᠦ ᠠᠵᠤ ᠦᠢᠯᠡᠳᠪᠦᠷᠢ ᠶᠢᠨ ᠰᠠᠯᠠᠭ᠎ᠠ ᠨᠢ ᠤᠯᠤᠰ ᠤᠨ ᠳᠣᠲᠣᠭᠠᠳᠤ ᠶᠢᠨ ᠦᠢᠯᠡᠳᠬᠦ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠡᠷᠭᠡᠵᠢᠯ ᠤᠨ ᠳᠠᠪᠠᠭᠤᠯᠢᠭ ᠢᠶᠠᠷ ᠢᠯᠡᠷᠬᠡᠶ᠂ ᠰᠤᠳᠤᠯᠤᠨ ᠨᠡᠭᠡᠭᠡᠬᠦ ᠴᠢᠳᠠᠪᠤᠷᠢ ᠪᠠᠷ ᠲᠣᠪᠤᠶᠢᠮ᠎ᠠ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠡᠯᠪᠡᠭ᠂ ᠭᠤᠤᠯᠯᠠᠬᠤ ᠥᠷᠢᠰᠦᠯᠳᠦᠬᠦ ᠬᠦᠴᠦᠨ ᠢᠶᠠᠷ ᠴᠢᠩᠭ᠎ᠠ ᠪᠠᠶᠢᠵᠤ᠂ ᠠᠵᠢᠯ ᠲᠥᠷᠥᠯ ᠤᠨ ᠤᠶᠤᠨᠴᠢᠯᠠᠯᠲᠠ᠂ ᠲᠣᠭᠠᠴᠢᠯᠠᠯᠲᠠ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠬᠤ ᠲᠠᠯ᠎ᠠ ᠪᠠᠷ ᠴᠢᠬᠤᠯᠠ ᠬᠥᠲᠥᠯᠦᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ ᠦᠬᠠᠢ ᠬᠤᠳᠠ ᠪᠣᠯ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠳᠠ ᠪᠣᠯᠤᠨ᠎ᠠ᠂ ᠡᠨᠧᠷᠭᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠵᠤᠵᠠᠭᠠᠨ᠂ ᠡᠯᠪᠡᠭ ᠪᠠᠶᠠᠯᠢᠭ ᠴᠡᠪᠡᠷ ᠡᠨᠧᠷᠭᠢ ᠶᠢᠨ ᠬᠡᠷᠡᠭᠯᠡᠭᠡᠨ ᠤ ᠢᠷᠡᠭᠡᠳᠦᠢ ᠲᠠᠢ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠠᠮᠲᠤᠷᠠᠯᠴᠠᠭᠠᠨ ᠤ ᠣᠷᠣᠨ ᠵᠠᠢ ᠥᠷᠭᠡᠨ ᠠᠭᠤᠳᠠᠮ ᠪᠠᠶᠢᠨ᠎ᠠ᠃ ᠣᠳᠣᠬᠠᠨ ᠳᠤ ᠂ ᠦᠬᠠᠶ ᠬᠤᠲᠠ ᠶᠠᠭ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠢᠯᠠᠩᠭᠤᠶ᠎ᠠ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾᠎ ᠶᠢᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ ᠪᠠᠶᠢᠨ᠎ᠠ᠃ ᠵᠦᠵᠸᠤ ᠶᠢᠨ ᠵᠦᠩ ᠴᠧ᠂ ᠵᠦᠩ ᠯᠢᠶᠠᠨ ᠬᠦᠨᠳᠦ ᠠᠵᠤ ᠦᠢᠯᠡᠳᠪᠦᠷᠢ ᠶᠢᠨ ᠰᠠᠯᠠᠭ᠎ᠠ ᠮᠥᠴᠢᠷ ᠯᠦᠭᠡ ᠬᠠᠮᠲᠤᠷᠠᠯᠴᠠᠭ᠎ᠠ ᠥᠷᠨᠢᠭᠦᠯᠬᠦ ᠨᠢ ᠦᠬᠠᠢ ᠬᠤᠳᠠ ᠶᠢᠨ ᠬᠢᠨ ︽ᠰᠢᠨ᠎ᠡ ᠡᠨᠧᠷᠭᠢ + ᠲᠠᠷᠠᠬᠠᠢ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ ᠲᠡᠭᠡᠭᠡᠪᠦᠷᠢ ᠶᠢᠨ ᠵᠠᠭᠪᠤᠷ ᠢ ᠬᠡᠷᠡᠭᠵᠢᠭᠦᠯᠬᠦ᠂ ᠲᠡᠭᠡᠭᠡᠪᠦᠷᠢ ᠶᠢᠨ ᠪᠦᠲᠦᠴᠡ ᠪᠠᠨ ᠲᠦᠷᠭᠡᠨ ᠳᠤᠬᠢᠷᠠᠭᠤᠯᠬᠤ᠂ ᠤᠶᠤᠨᠲᠤ ᠠᠭᠤᠷᠬᠠᠢ ᠶᠢ ᠪᠦᠳᠦᠬᠡᠨ ᠪᠠᠶᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ᠂ ᠭᠠᠵᠠᠷ ᠣᠷᠣᠨ ᠤ ᠪᠣᠬᠢᠷᠲᠤᠯ ᠦᠬᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠠᠵᠤ ᠠᠬᠤᠶᠢᠯᠠᠯ ᠤᠨ ᠦᠬᠠᠢ ᠳᠤ ᠬᠦᠷᠴᠦ ᠭᠦᠨᠵᠡᠭᠡᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠬᠠᠮᠲᠤᠷᠠᠯᠴᠠᠭᠠᠨ ᠤ ᠣᠷᠣᠨ ᠵᠠᠢ ᠶᠢ ᠭᠦᠨᠵᠡᠭᠡᠢ ᠠᠭᠤᠳᠠᠯᠵᠤ᠂ ᠰᠢᠨ᠎ᠡ ᠡᠨᠧᠷᠭᠢ᠂ ᠲᠤᠨᠤᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠠᠬᠢ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠭᠠᠷ ᠬᠤᠯᠪᠣᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠵᠡᠢ᠃           ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠪᠣᠯᠤᠨ ᠵᠦᠵᠸᠤ ᠶᠢᠨ ᠵᠦᠩ ᠴᠧ ᠱᠢ ᠳ᠋ᠠᠢ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠵᠥᠪᠯᠡᠯᠴᠡᠭᠡᠷ ᠳᠤᠬᠢᠷᠠᠯᠴᠠᠵᠠᠢ᠃           
 
ᠢᠷᠡᠯᠲᠡ᠄       
 
 
ᠬᠠᠮᠢᠶ᠎ᠠ ᠪᠥᠬᠦᠢ ᠰᠤᠨᠢᠨ
 
2014-2015 ©                      蒙ICP备05070829号