5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | 14 ᠳ᠋ᠦᠭᠡᠷ ᠡᠳᠦᠷ ᠪᠣᠯᠤᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠬᠠᠶᠢᠷᠤᠪ ᠤᠨ ᠲᠤᠬᠤᠢ ᠲᠣᠭᠤᠷᠢᠭ ᠤᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ | ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠠᠷᠠᠳ ᠤᠨ | ᠴᠡᠴᠡᠷᠯᠢᠭ ᠤᠨ ᠵᠡᠭᠦᠨ ᠡᠭᠦᠳᠡᠨ ᠳᠤ ︽ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ ᠰᠠᠶᠢᠨ ᠰᠠᠶᠢᠬᠠᠨ ᠭᠡᠷ | ᠣᠷᠣᠨ ᠢᠶᠠᠨ ᠰᠠᠬᠢᠨ ᠬᠠᠮᠠᠭᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠵᠡᠢ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠤᠬᠠᠭᠤᠯᠭ᠎ᠠ ᠶᠢᠨ ᠵᠢᠵᠢᠭ ᠪᠡᠯᠡᠭ ᠰᠡᠯᠲᠡ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠬᠤᠲᠠ ᠶᠢᠨ ᠠᠷᠠᠳ ᠲᠤ | ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠮᠡᠳᠡᠯᠭᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠦᠨᠳᠦᠰᠦᠨ ᠮᠡᠳᠡᠯᠭᠡ᠂ ᠭᠠᠵᠠᠷ ᠬᠥᠳᠡᠯᠦᠯᠲᠡ ᠳᠤ ᠥᠪᠡᠷ ᠢ ᠪᠠᠨ ᠠᠪᠤᠷᠠᠬᠤ | ᠬᠠᠷᠢᠯᠴᠠᠨ ᠠᠪᠤᠷᠠᠬᠤ᠂ ᠭᠠᠯ ᠤᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ᠂ ᠦᠶᠡᠷ ᠤᠨ ᠭᠠᠮᠰᠢᠭ ᠢ ᠠᠷᠭᠠᠴᠠᠬᠤ | ᠵᠡᠷᠭᠡ ᠠᠷᠭ᠎ᠠ ᠶᠢ ᠨᠠᠷᠢᠨ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠳᠤ ᠨᠡᠶᠢᠳᠡ 800 ᠭᠠᠷᠤᠢ ᠤᠬᠠᠭᠤᠯᠭ᠎ᠠ ᠶᠢᠨ | ᠡᠳ᠋ ᠪᠣᠳᠠᠰ᠂ 1000 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠵᠠᠯᠭᠠᠭᠠᠳ ᠬᠠᠶᠢᠷᠤᠪ ᠤᠨ ᠲᠤᠬᠤᠢ | ᠲᠣᠭᠤᠷᠢᠭ ᠤᠨ ᠬᠢᠨ ᠪᠠᠰᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠤᠣᠯ ᠰᠡᠳᠦᠪᠲᠦ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠭᠠᠮᠰᠢᠭ ᠤᠨ ᠭᠡᠮ ᠰᠣᠭᠤᠭ ᠢ | ᠪᠠᠶᠢᠴᠠᠭᠠᠨ ᠵᠠᠰᠠᠬᠤ ᠶᠢ ᠭᠦᠨᠵᠡᠭᠡᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠭᠠᠮᠰᠢᠭ ᠢ ᠠᠷᠭᠠᠴᠠᠬᠤ | ᠪᠡᠯᠡᠳᠬᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠤᠨ᠎ᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ | ᠠᠷᠠᠳ ᠤᠨ ᠭᠠᠶ ᠭᠠᠮᠰᠢᠭ ᠢ ᠲᠦᠷ ᠴᠠᠭ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠤᠲᠠ ᠶᠢᠨ ᠠᠷᠠᠳ ᠤᠨ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠨᠡᠮᠡᠭᠳᠡᠭᠦᠯᠦᠨ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠠᠭᠠᠯᠠᠯᠲᠠ ᠶᠢᠨ ᠰᠢᠬᠦᠷ ᠢ ᠨᠠᠩ ᠰᠠᠶᠢᠲᠤᠷ ᠲᠤᠯᠵᠤ᠂ ᠪᠥᠬᠦ | ᠠᠷᠠᠳ ᠢᠶᠠᠷ ᠢᠶᠠᠨ ᠬᠥᠳᠡᠯᠦᠯᠴᠡᠨ᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠦᠨᠡᠨ ᠬᠦ ᠬᠥᠲᠥᠯᠦᠨ ᠵᠢᠯᠣᠭᠤᠳᠴᠤ | ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠦᠲᠦᠮᠵᠢᠲᠡᠶ | ᠪᠠᠲᠤ ᠪᠠᠬᠢ ᠪᠠᠶᠢᠭᠤᠯᠵᠤ᠂ ᠬᠠᠶᠢᠷᠤᠪ ᠤᠨ ᠲᠤᠬᠤᠢ ᠲᠤᠭᠤᠷᠢᠭ ᠲᠤ ᠨᠠᠩ ᠠᠮᠤᠷ ᠲᠦᠪᠰᠢᠨ ᠡᠶ᠎ᠡ ᠵᠣᠬᠢᠴᠠᠯ ᠲᠠᠢ | ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ ᠥᠭᠭᠦᠭᠰᠡᠨ ᠪᠠᠶᠢᠨ᠎ᠠ︕ | |