ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠠᠷᠠᠳ ᠤᠨ ᠴᠡᠴᠡᠷᠯᠢᠭ ᠤᠨ ᠵᠡᠭᠦᠨ ᠡᠭᠦᠳᠡᠨ ᠳᠤ ︽ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2022/5/13
      5 ᠰᠠᠷ᠎ᠠ ᠶᠢᠨ 12᠎ ᠤᠨ ᠡᠳᠦᠷ ᠪᠣᠯ ᠮᠠᠨ ᠤ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ 14 ᠳ᠋ᠦᠭᠡᠷ ᠡᠳᠦᠷ ᠪᠣᠯᠤᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠬᠠᠶᠢᠷᠤᠪ ᠤᠨ ᠲᠤᠬᠤᠢ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠠᠷᠠᠳ ᠤᠨ ᠴᠡᠴᠡᠷᠯᠢᠭ ᠤᠨ ᠵᠡᠭᠦᠨ ᠡᠭᠦᠳᠡᠨ ᠳᠤ ︽ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠵᠢᠵᠢᠭ ᠪᠡᠯᠡᠭ ᠰᠡᠯᠲᠡ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠬᠤᠲᠠ ᠶᠢᠨ ᠠᠷᠠᠳ ᠲᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠮᠡᠳᠡᠯᠭᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠨᠳᠦᠰᠦᠨ ᠮᠡᠳᠡᠯᠭᠡ᠂ ᠭᠠᠵᠠᠷ ᠬᠥᠳᠡᠯᠦᠯᠲᠡ ᠳᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ᠂ ᠭᠠᠯ ᠤᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ᠂ ᠦᠶᠡᠷ ᠤᠨ ᠭᠠᠮᠰᠢᠭ ᠢ ᠠᠷᠭᠠᠴᠠᠬᠤ ᠵᠡᠷᠭᠡ ᠠᠷᠭ᠎ᠠ ᠶᠢ ᠨᠠᠷᠢᠨ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠳᠤ ᠨᠡᠶᠢᠳᠡ 800 ᠭᠠᠷᠤᠢ ᠤᠬᠠᠭᠤᠯᠭ᠎ᠠ ᠶᠢᠨ ᠡᠳ᠋ ᠪᠣᠳᠠᠰ᠂ 1000 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠵᠠᠯᠭᠠᠭᠠᠳ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠠᠰᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠭᠠᠮᠰᠢᠭ ᠤᠨ ᠭᠡᠮ ᠰᠣᠭᠤᠭ ᠢ ᠪᠠᠶᠢᠴᠠᠭᠠᠨ ᠵᠠᠰᠠᠬᠤ ᠶᠢ ᠭᠦᠨᠵᠡᠭᠡᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠭᠠᠮᠰᠢᠭ ᠢ ᠠᠷᠭᠠᠴᠠᠬᠤ ᠪᠡᠯᠡᠳᠬᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠤᠨ᠎ᠠ᠃
微信图片_20220513094016.jpg
微信图片_20220513094021.jpg
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠤᠨ ᠭᠠᠶ ᠭᠠᠮᠰᠢᠭ ᠢ ᠲᠦᠷ ᠴᠠᠭ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠨᠡᠮᠡᠭᠳᠡᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠠᠭᠠᠯᠠᠯᠲᠠ ᠶᠢᠨ ᠰᠢᠬᠦᠷ ᠢ ᠨᠠᠩ ᠰᠠᠶᠢᠲᠤᠷ ᠲᠤᠯᠵᠤ᠂ ᠪᠥᠬᠦ ᠠᠷᠠᠳ ᠢᠶᠠᠷ ᠢᠶᠠᠨ ᠬᠥᠳᠡᠯᠦᠯᠴᠡᠨ᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠦᠨᠡᠨ ᠬᠦ ᠬᠥᠲᠥᠯᠦᠨ ᠵᠢᠯᠣᠭᠤᠳᠴᠤ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠦᠲᠦᠮᠵᠢᠲᠡᠶ ᠪᠠᠲᠤ ᠪᠠᠬᠢ ᠪᠠᠶᠢᠭᠤᠯᠵᠤ᠂ ᠬᠠᠶᠢᠷᠤᠪ ᠤᠨ ᠲᠤᠬᠤᠢ ᠲᠤᠭᠤᠷᠢᠭ ᠲᠤ ᠨᠠᠩ ᠠᠮᠤᠷ ᠲᠦᠪᠰᠢᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ ᠥᠭᠭᠦᠭᠰᠡᠨ ᠪᠠᠶᠢᠨ᠎ᠠ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号