ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠳᠤᠮᠳᠠᠳᠤ ᠤᠯᠤᠰ ᠤᠨ ᠵᠤᠭᠠᠴᠠᠯ ᠤᠨ ᠡᠳᠦᠷ︾᠎ ᠲᠠᠢ ᠤᠶᠠᠯᠳᠤᠭᠤᠯᠤᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/5/19
      5 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ‌ᠮᠠᠨ ᠤ ᠬᠤᠳᠠ ᠶᠢᠨ ︽ᠳᠤᠮᠳᠠᠳᠤ ᠤᠯᠤᠰ ᠤᠨ ᠵᠤᠭᠠᠴᠠᠯ ᠤᠨ ᠡᠳᠦᠷ︾᠎ ᠤᠨ ᠭᠤᠣᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠵᠤ᠂ ᠦᠬᠠᠢ ᠨᠠᠭᠤᠷ ᠤᠨ ᠨᠢᠭᠡᠳᠦᠭᠡᠷ ᠭᠠᠷᠠᠮ ᠳᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃
1652931818634088614.png
1652931819662069548.png
    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠭᠤᠤᠯᠳᠠᠭᠤ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠪᠦᠯᠬᠦᠮᠳᠡᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠯᠠᠨ ᠲᠦᠮᠡᠨ ᠳᠤ ᠤᠬᠠᠭᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀᠎ ᠶᠢ ᠬᠡᠷᠡᠭᠵᠢᠭᠦᠯᠬᠦ ᠠᠷᠭ᠎ᠠ︾ ᠵᠡᠷᠭᠡ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ 800 ᠭᠠᠷᠤᠶ ᠬᠤᠪᠢ ᠲᠠᠷᠬᠠᠭᠠᠭᠰᠠᠨ ᠪᠠᠶᠢᠨ᠎ᠠ᠃
1652931818601094046.png
1652932332963035216.jpg
1652932333687017628.jpg
   ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠤᠬᠠᠭᠤᠯᠭ᠎ᠠ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠲᠤᠬᠠᠶ ᠤᠯᠠᠨ ᠲᠦᠮᠡᠨ ᠤ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠶ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠮᠠᠨ ᠤ  ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ ᠬᠠᠮᠲᠤᠪᠠᠷ ᠬᠠᠮᠠᠭᠠᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号