ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ  ᠵᠢᠩᠬᠢᠨᠢ ᠪᠠᠷ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2022/5/20
      2022 ᠣᠨ ᠤ 5 ᠰᠠᠷ᠎ᠠ ᠶᠢᠨ 18᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ᠤᠨ ᠬᠡᠷᠡᠭ ᠡᠷᠬᠢᠯᠡᠬᠦ ᠶᠡᠭᠡ ᠲᠢᠩᠬᠢᠮ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠡᠷᠡᠭ ᠡᠷᠬᠢᠯᠡᠬᠦ ᠶᠡᠭᠡ ᠲᠢᠩᠬᠢᠮ ᠳᠤ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠬᠠᠮᠢᠶ᠎ᠠ ᠪᠦᠬᠦᠢ ᠡᠯᠧᠮᠧᠨ᠋ᠲ ᠭᠠᠵᠠᠷ ᠪᠣᠯᠭᠠᠨ ᠳᠤ ᠳᠦᠭᠦᠷᠴᠦ᠂ ︽ᠴᠡᠷᠢᠭ ᠤᠨ ᠦᠨᠦᠷ ᠠᠮᠲᠠ︾ ᠪᠠ ︽ᠭᠡᠷ ᠤᠨ ᠦᠨᠦᠷ ᠠᠮᠲᠠ︾᠎ ᠶᠢ ᠢᠯᠡᠷᠡᠭᠦᠯᠵᠦ᠂ ᠮᠠᠨ ᠤ ᠲᠤᠭᠤᠷᠢᠭ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠲᠤ ᠤᠶᠢᠯᠡᠴᠢᠯᠡᠬᠦ ᠪᠣᠯᠭᠠᠪᠠ᠃
20220530103755600001.png
20220530103756443003.png
20220530103756477002.png
         ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ᠤᠨ ᠬᠡᠷᠡᠭ ᠡᠷᠬᠢᠯᠡᠬᠦ ᠶᠡᠭᠡ ᠲᠢᠩᠬᠢᠮ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠠᠷᠤ ᠬᠦᠷᠢᠶᠡᠨ ᠤ ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ  ᠲᠤᠪᠴᠢᠶ᠎ᠠ ᠶᠢᠨ ᠨᠢᠭᠡᠳᠦᠭᠡᠷ ᠳᠠᠪᠬᠤᠷᠯᠢᠭ ᠲᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ ᠪᠠᠷᠤᠭ 60 ᠭᠠᠷᠤᠢ ᠲᠡᠭᠰᠢ ᠳᠥᠷᠪᠡᠯᠵᠢᠨ ᠮᠧᠲᠷ ᠪᠠᠶᠢᠵᠤ᠂ ᠨᠠᠰᠤ ᠠᠬᠢᠭᠰᠠᠨ ᠴᠡᠷᠢᠭ ᠤᠨ ᠠᠯᠪᠠᠨ ᠠᠴᠠ ᠪᠠᠭᠤᠭᠰᠠᠳ ᠪᠣᠯᠤᠨ ᠵᠡᠮᠳᠡᠭ ᠴᠡᠷᠢᠭ ᠲᠤ ᠲᠦᠭᠦᠮ ᠦᠵᠡᠭᠦᠯᠬᠦ ᠶᠢᠨ ᠲᠥᠯᠥᠭᠡ᠂ ᠡᠭᠦᠳᠡᠨ ᠤ ᠲᠠᠪᠴᠠᠩ ᠢ ᠲᠤᠰᠬᠠᠶᠢᠯᠠᠨ ᠵᠡᠮᠳᠡᠭ ᠴᠡᠷᠢᠭ ᠤᠨ ᠣᠷᠣᠵᠤ ᠭᠠᠷᠬᠤ ᠳᠤ ᠲᠦᠭᠦᠮ ᠦᠵᠡᠭᠦᠯᠬᠦ ᠨᠠᠯᠠᠤ ᠵᠠᠮ ᠪᠣᠯᠭᠠᠪᠠ᠃       ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠲᠥᠪ ᠤᠨ ᠶᠡᠭᠡ ᠲᠢᠩᠬᠢᠮ ᠨᠢ ᠭᠤᠤᠯᠳᠠᠭᠤ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢ ᠪᠦᠷᠢᠳᠬᠡᠨ ᠴᠤᠭᠯᠠᠭᠤᠯᠬᠤ᠂ ᠬᠠᠷᠠᠭᠠᠯᠵᠠᠨ ᠲᠤᠰᠠᠯᠠᠬᠤ᠂ ᠡᠷᠬᠡ ᠠᠰᠢᠭ ᠢ ᠪᠠᠲᠤᠯᠠᠬᠤ᠂ ᠠᠵᠢᠯ ᠣᠯᠭᠤᠵᠤ ᠲᠥᠪᠬᠢᠨᠡᠭᠦᠯᠬᠦ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠠᠮᠢᠳᠤᠷᠠᠯ ᠢ ᠬᠠᠪᠰᠤᠷᠤᠨ ᠲᠡᠳᠬᠦᠵᠦ ᠬᠦᠴᠢᠷᠳᠡᠯ ᠠᠴᠠ ᠠᠩᠭᠢᠵᠢᠷᠠᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠵᠡᠷᠭᠡ ᠪᠣᠳᠠᠲᠠᠶ ᠵᠤᠶᠢᠯᠡᠰ ᠢ ᠭᠦᠢᠴᠡᠤᠡᠭᠡᠵᠤ᠂ ᠬᠡᠷᠡᠭ ᠡᠷᠭᠢᠯᠡᠬᠦ ᠶᠡᠭᠡ ᠲᠢᠩᠬᠢᠮ ᠤᠨ ᠲᠤᠰᠬᠠᠶ ᠲᠤᠰᠢᠶᠠᠯᠲᠤ ᠠᠵᠢᠯᠲᠠᠨ ᠴᠡᠷᠢᠭ ᠠᠴᠠ ᠬᠠᠯᠠᠭᠳᠠᠭᠰᠠᠳ ᠲᠤ ᠴᠢᠨᠠᠷ ᠰᠠᠶᠢᠲᠠᠶ ᠤᠶᠢᠯᠡᠴᠢᠯᠡᠭᠡ ᠬᠠᠩᠭᠠᠨ᠎ᠠ᠃ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠲᠥᠪ ᠤᠨ ᠬᠡᠷᠡᠭ ᠡᠷᠭᠢᠯᠡᠬᠦ ᠲᠢᠩᠬᠢᠮ ᠢ ᠠᠰᠢᠭᠯᠠᠯᠲᠠ ᠳᠤ ᠣᠷᠣᠭᠤᠯᠵᠤ᠂ ᠮᠠᠨ ᠤ ᠲᠤᠭᠤᠷᠢᠭ ᠤᠨ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠲᠤ ᠨᠠᠩ ᠨᠡᠭᠡᠭᠡᠯᠲᠡᠲᠡᠶ᠂ ᠳᠥᠭᠦᠮ ᠳᠥᠲᠡ᠂ ᠥᠨᠳᠥᠷ ᠪᠦᠲᠦᠮᠵᠢᠲᠡᠶ ᠤᠶᠢᠯᠡᠴᠢᠯᠡᠭᠡᠨ ᠤ ᠲᠠᠯᠠᠪᠤᠷ ᠬᠠᠩᠭᠠᠵᠤ᠂ ᠮᠠᠨ ᠤ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠪᠠᠲᠤᠯᠠᠭ᠎ᠠ ᠶᠢᠨ ᠪᠦᠬᠦᠯᠢ ᠴᠣᠭᠴᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠴᠢᠩᠭᠠᠳᠬᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号