ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ  ᠠᠮᠢᠳᠤᠷᠠᠯ ᠢ  ᠵᠢᠷᠤᠮᠵᠢᠭᠤᠯᠤᠨ᠎ᠡ
ᠨᠡᠶᠢᠲᠡᠯᠡᠭᠰᠡᠨ ᠴᠠᠭ᠄
2022/5/25
      ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠨᠡᠩ ᠡᠷᠡᠭᠦᠯ ᠪᠥᠭᠡᠳ ᠵᠢᠷᠤᠮᠵᠢᠭᠤᠨ᠂ ᠤᠯᠤᠰ ᠲᠦᠷᠦ ᠶᠢᠨ ᠠᠮᠢ ᠠᠬᠤᠢ ᠶᠢ ᠴᠣ᠋ ᠰᠢᠨ᠎ᠡ ᠪᠠᠶᠢᠳᠠᠯ ᠲᠠᠢ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ 5 ᠰᠠᠷ᠎ᠠ ᠶᠢᠨ 23᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠴᠠᠩ ᠴᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠠᠢ ᠬᠠᠮᠲᠤᠷᠠᠨ 5 ᠰᠠᠷ᠎ᠠ ᠶᠢᠨ ︽ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠪᠠᠷ ᠦᠷᠨᠢᠭᠦᠯᠪᠡ᠃ 
20220524091254261.png    b
    ᠭᠤᠣᠯ ᠰᠡᠳᠦᠪᠲᠦ ᠨᠠᠮ ᠤᠨ ᠡᠳᠦᠷ ᠤᠨ ᠲᠣᠭᠲᠠᠭᠠᠭᠰᠠᠨ ᠲᠡᠰ ᠳᠠᠷᠠᠭᠠᠯᠠᠯ ᠢ ᠪᠡᠶᠡᠯᠡᠭᠦᠯᠦᠭᠰᠡᠨ ᠤ ᠲᠠᠷᠠᠭ᠎ᠠ᠂ ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠢᠦᠢ ᠬᠤᠸᠠ ᠳᠠᠭᠠᠭᠤᠯᠤᠨ ᠰᠤᠷᠤᠯᠴᠠᠵᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾᠎ ᠢ ᠲᠥᠪᠯᠡᠷᠡᠭᠦᠯᠦᠨ ᠰᠤᠷᠤᠯᠴᠠᠭᠤᠯᠤᠭᠰᠠᠨ ᠤ ᠬᠠᠮᠲᠤ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠦᠬᠠᠢ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠵᠢᠴᠢ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠤᠨ ᠣᠷᠳᠣᠨ ᠢᠶᠠᠷ ᠲᠣᠭᠤᠷᠢᠨ ᠦᠵᠡᠭᠦᠯᠪᠡ᠃
20220524091306691.png      ᠲᠠᠶᠢᠯᠪᠤᠷᠢᠯᠠᠭᠴᠢ ᠶᠢᠨ ᠲᠠᠭᠠᠭᠤᠯᠭ᠎ᠠ ᠳᠣᠣᠷ᠎ᠠ᠂ ᠨᠠᠮ ᠢ ᠴᠢᠩᠭ᠎ᠠ ᠵᠠᠰᠠᠭᠰᠠᠨ ᠥᠩᠭᠡᠷᠡᠯᠲᠡ ᠶᠢ ᠲᠠᠬᠢᠨ
ᠡᠷᠭᠢᠴᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠦᠷ᠎ᠡ ᠪᠦᠲᠦᠮᠵᠢ ᠶᠢ ᠡᠷᠭᠢᠴᠡᠭᠦᠯᠬᠦ ᠵᠡᠷᠭᠡ ᠬᠠᠭᠤᠳᠠᠰᠤ ᠠᠴᠠ ᠮᠠᠨ ᠤ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠳᠠᠬᠢ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾ ᠡᠨᠡᠬᠦ ᠴᠢᠬᠤᠯᠠ ᠬᠠᠭᠤᠳᠠᠰᠤ ᠶᠢᠨ ᠭᠡᠷᠡᠯ ᠰᠠᠴᠤᠷᠠᠩᠭᠤᠢ ᠠᠮᠵᠢᠯᠲᠠ ᠶᠢ ᠰᠢᠰᠲ᠋ᠧᠮ ᠲᠠᠢ ᠳᠡᠯᠭᠡᠨ ᠦᠵᠡᠭᠦᠯᠵᠡᠢ᠃ ᠲᠣᠭᠤᠷᠢᠨ ᠦᠵᠡᠬᠦ ᠶᠠᠪᠤᠴᠠ ᠳᠤ᠂ ᠨᠠᠮ ᠤᠨ ᠭᠡᠰᠢᠭᠦᠳ ᠪᠠᠰᠠ ᠨᠣᠮ ᠤᠨ ᠰᠠᠩ ᠳᠤ ᠵᠣᠬᠢᠶᠠᠨ ᠪᠠᠶᠢᠭᠤᠯᠤᠭᠰᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠦᠯᠵᠢᠶᠡᠨ ᠳᠡᠭᠡᠷᠡᠬᠢ ᠮᠡᠳᠡᠯᠭᠡ ᠶᠢᠨ ᠤᠷᠤᠯᠳᠤᠭᠠᠨ ᠵᠢᠴᠢ ᠤᠬ ᠰᠠᠨᠠᠭ᠎ᠠ ᠪᠠᠨ ᠣᠯᠵᠤ ᠬᠠᠷᠠᠬᠤ᠂ ᠳᠠᠳᠬᠠᠯ ᠦᠭᠡ ᠶᠢ ᠬᠠᠭᠤᠯᠤᠨ ᠪᠢᠴᠢᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠥᠴᠦᠬᠡᠨ ᠴᠦ ᠠᠭᠤᠴᠢᠯᠠᠬᠤ ᠦᠭᠡᠢ︾᠎ ᠶᠢ ᠬᠠᠮᠲᠤ ᠪᠠᠷ ᠦᠵᠡᠵᠦ᠂ ᠨᠠᠮ ᠤᠨ ᠭᠡᠰᠢᠭᠦᠳ ᠤᠨ ᠬᠦᠰᠡᠯᠡᠩ ᠢᠲᠡᠭᠡᠯ ᠪᠢᠰᠢᠷᠡᠯ ᠤᠨ ᠶᠡᠷᠦᠩᠬᠡᠢ ᠨᠡᠭᠡᠭᠡᠯᠭᠡ ᠶᠢ ᠪᠠᠲᠤ ᠪᠤᠢ ᠪᠣᠯᠭᠠᠵᠤ᠂ ᠤᠯᠠᠨ ᠤ ᠰᠡᠳᠬᠢᠯ ᠢ ᠳᠣᠩᠰᠣᠯᠭᠠᠵᠤ᠂ ᠭᠦᠨ ᠬᠥᠮᠦᠵᠢᠯ ᠬᠦᠷᠳᠡᠵᠡᠢ᠃      ᠨᠠᠮ ᠤᠨ ᠭᠡᠰᠢᠭᠦᠳ ᠲᠤᠰ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠭᠤᠯᠭ᠎ᠠ ᠪᠠᠶᠠᠯᠢᠭ᠂ ᠬᠡᠯᠪᠡᠷᠢ ᠤᠯᠠᠨ ᠶᠠᠩᠵᠤ ᠶᠢᠨ᠂ ᠰᠤᠷᠭᠠᠨ ᠬᠥᠮᠦᠵᠢᠭᠦᠯᠬᠦ ᠴᠢᠨᠠᠷ ᠢᠶᠠᠷ ᠮᠠᠰᠢ ᠴᠢᠩᠭ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠵᠢᠷᠤᠮᠯᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠵᠤ᠂ ᠨᠠᠮᠴᠢ ᠴᠢᠨᠠᠷ ᠤᠨ ᠳᠠᠪᠲᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠴᠠᠭ ᠢᠮᠠᠭᠲᠠ ᠪᠡᠶ᠎ᠡ ᠪᠠᠨ ᠱᠠᠭᠠᠷᠳᠠᠬᠤ᠂ ᠪᠡᠶ᠎ᠡ ᠪᠠᠨ ᠰᠡᠷᠡᠮᠵᠢᠯᠡᠭᠦᠯᠬᠦ᠂ ᠪᠡᠶ᠎ᠡ ᠪᠠᠨ ᠰᠡᠬᠡᠭᠡᠷᠡᠭᠦᠯᠬᠦ ᠶᠢ ᠪᠡᠶᠡᠯᠡᠭᠦᠯᠵᠦ᠂ ᠤᠯᠤᠰ ᠲᠦᠷᠦ ᠶᠢᠨ ᠠᠷᠢᠭᠤᠨ ᠴᠢᠬᠡᠴᠢ ᠶᠢᠨ ᠤᠤᠷ ᠴᠢᠨᠠᠷ ᠢᠶᠠᠨ ᠡᠭᠦᠷᠢᠳᠡ ᠪᠠᠲᠤᠯᠠᠨ᠎ᠠ ᠭᠡᠵᠦ ᠢᠯᠡᠳᠬᠡᠵᠡᠭᠡᠪᠡ᠃            
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号