ᠭᠤᠤᠯ ᠰᠡᠳᠦᠪᠲᠦ ᠨᠠᠮ ᠤᠨ ᠡᠳᠦᠷ ᠄ ︽ᠨᠠᠮ ᠤᠨ ᠡᠳᠦᠷ +︾ ᠬᠡᠪ ᠰᠤᠷᠲᠠᠯ ᠢ ᠲᠥᠪ ᠪᠣᠯᠭᠠᠪᠠ
ᠨᠡᠶᠢᠲᠡᠯᠡᠭᠰᠡᠨ ᠴᠠᠭ᠄
2022/5/25
      ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠨᠡᠩ ᠡᠷᠡᠭᠦᠯ ᠪᠥᠭᠡᠳ ᠵᠢᠷᠤᠮᠵᠢᠯ ᠲᠠᠢ ᠪᠣᠯᠭᠠᠵᠤ᠂ ᠤᠯᠤᠰ ᠲᠦᠷᠦ ᠶᠢᠨ ᠠᠮᠢ ᠠᠬᠤᠢ ᠶᠢ ᠴᠣ ᠰᠢᠨ᠎ᠡ ᠪᠠᠶᠢᠳᠠᠯ ᠲᠠᠢ ᠪᠣᠯᠭᠠᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 5 ᠰᠠᠷ᠎ᠠ ᠶᠢᠨ 24᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠰᠢᠨ ᠴᠧᠩ ᠨᠡᠶᠢᠭᠡᠮ ᠲᠣᠭᠤᠷᠢᠭ ᠤᠨ ᠨᠠᠮ ᠤᠨ  ᠬᠤᠷᠢᠶ᠎ᠠ ᠭᠤᠣᠯ ᠰᠡᠳᠦᠪᠲᠦ ᠨᠠᠮ ᠤᠨ ᠡᠳᠦᠷ ᠢ ᠬᠤᠷᠠᠯᠳᠤᠭᠤᠯᠬᠤ ᠶᠢᠨ ᠬᠠᠮᠲᠤ ︽ᠰᠤᠷᠲᠠᠯ ᠴᠢᠬᠡᠴᠢ ᠭᠡᠷ ᠣᠷᠣᠨ ᠢ ᠬᠠᠮᠲᠤᠪᠠᠷ ᠪᠦᠳᠦᠬᠡᠨ ᠪᠠᠶᠢᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠡᠢ᠃
20220525102558534.png
20220525102607601.png
         ᠭᠤᠣᠯ ᠰᠡᠳᠦᠪᠲᠦ ᠨᠠᠮ ᠤᠨ ᠡᠳᠦᠷ ᠤᠨ ᠳᠦᠷᠢᠮᠵᠢᠯ ᠤᠨ ᠴᠢᠨᠠᠷᠲᠠᠢ ᠲᠡᠰ ᠳᠠᠷᠠᠭᠠᠯᠠᠯ ᠢᠶᠠᠷ᠂ ᠰᠢᠨ ᠴᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠵᠦ᠂ ︽ᠨᠠᠮ ᠤᠨ ᠳᠦᠷᠢᠮ︾᠎ ᠢ ᠰᠤᠷᠤᠯᠴᠠᠨ ᠳᠠᠭᠠᠭᠤᠯᠤᠨ ᠤᠩᠰᠢᠪᠠ᠃ ᠲᠥᠪᠯᠡᠷᠡᠭᠦᠯᠦᠨ ᠰᠤᠷᠤᠯᠴᠠᠬᠤ ᠭᠤᠭᠴᠤᠭ᠎ᠠ ᠳᠤ᠂ ᠨᠡᠶᠢᠭᠡᠮ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ ᠯᠢᠦ ᠵᠧᠨ ᠮᠧᠢ ᠨᠠᠮ ᠤᠨ ᠭᠡᠰᠢᠭᠦᠨ ᠨᠥᠬᠦᠳ ᠢᠶᠠᠨ ᠳᠠᠭᠠᠭᠤᠯᠵᠤ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ︾ ᠵᠢᠴᠢ ︽ᠢᠷᠭᠡᠨ ᠤ ᠬᠠᠤᠯᠢ ᠶᠢᠨ ᠪᠢᠴᠢᠭ︾᠎ ᠤᠨ ᠬᠤᠯᠪᠣᠭᠳᠠᠯ ᠪᠦᠬᠦᠢ ᠠᠭᠤᠯᠭ᠎ᠠ ᠶᠢ ᠲᠤᠰ ᠲᠤᠰ ᠰᠤᠷᠤᠯᠴᠠᠵᠠᠢ᠃    ᠭᠤᠣᠯ ᠰᠡᠳᠦᠪᠲᠦ ᠨᠠᠮ ᠤᠨ ᠡᠳᠦᠷ ᠤᠨ ᠲᠣᠭᠲᠠᠭᠠᠭᠰᠠᠨ ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠰᠢᠨ ᠴᠧᠩ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ  ᠹᠧᠩ ᠬᠤᠸᠠᠩ ᠵᠢᠵᠢᠭ ᠭᠤᠳᠤᠮᠵᠢ ᠳᠤ ᠭᠦᠨᠵᠡᠭᠡᠶᠢᠷᠡᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠨᠦᠭᠡᠨ ᠵᠠᠮ ᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠪᠡᠷᠯᠡᠵᠦ᠂ ᠵᠢᠵᠢᠭ ᠭᠤᠳᠤᠮᠵᠢ ᠶᠢᠨ ᠰᠠᠭᠤᠭᠠᠯᠢ ᠠᠷᠠᠳ ᠲᠤ ᠬᠠᠨᠳᠤᠭᠤᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠨ ᠲᠦᠮᠡᠨ ᠳᠤ ᠬᠤᠪᠢᠶᠠᠨ ᠤᠬᠠᠭᠤᠯᠬᠤ ᠶᠢᠨ ᠬᠠᠮᠲᠤ ᠤᠯᠠᠨ ᠲᠦᠮᠡᠨ ᠳᠤ ᠨᠡᠶᠢᠭᠡᠮ ᠤᠨ ᠵᠠᠰᠠᠯᠲᠠ ᠶᠢᠨ ᠤᠬᠠᠭᠤᠯᠭ᠎ᠠ ᠶᠢᠨ ᠭᠠᠷ ᠤᠭᠤᠲᠠ ᠲᠠᠷᠬᠠᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠨᠡᠶᠢᠭᠡᠮ ᠤᠨ ᠵᠠᠰᠠᠯᠲᠠ ᠪᠠ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠲᠦᠯᠬᠢᠨ ᠠᠬᠢᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃                
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号