ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ︽ᠮᠦᠩᠭᠡ ᠰᠤᠪᠠᠭ · ᠨᠢᠭᠡ ᠤᠳᠠᠭ᠎ᠠ ᠭᠦᠢᠴᠡᠤᠡᠭᠡᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2022/5/25
      ︽ᠮᠦᠩᠭᠡ ᠰᠤᠪᠠᠭ · ᠨᠢᠭᠡ ᠤᠳᠠᠭ᠎ᠠ ᠭᠦᠢᠴᠡᠤᠡᠭᠡᠬᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯᠲᠠᠨ ᠤ ᠠᠵᠢᠯ ᠶᠠᠪᠤᠳᠠᠯ ᠭᠦᠢᠴᠡᠤᠡᠭᠡᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠲᠦᠯᠤᠭᠡ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠲᠤᠪᠴᠢᠶ᠎ᠠ ︽ᠮᠦᠩᠭᠡ ᠰᠤᠪᠠᠭ · ᠨᠢᠭᠡ ᠤᠳᠠᠭ᠎ᠠ ᠭᠦᠢᠴᠡᠤᠡᠭᠡᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠥᠷᠨᠢᠭᠦᠯᠵᠦ᠂ 40 ᠭᠠᠷᠤᠢ ᠬᠥᠮᠦᠨ ᠬᠤᠷᠠᠯ ᠳᠤ ᠣᠷᠣᠯᠴᠠᠪᠠ᠃      ᠪᠣᠯᠪᠠᠰᠤᠷᠠᠭᠤᠯᠤᠯ ᠨᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠦᠨᠳᠦᠰᠦᠨ ᠤᠬᠠᠭᠳᠠᠬᠤᠨ᠂ ᠵᠤᠶᠢᠯᠡᠰ ᠤᠨ ᠲᠣᠳᠣᠷᠬᠠᠶ ᠬᠠᠭᠤᠳᠠᠰᠤ ᠶᠢ ᠭᠦᠢᠴᠡᠤᠡᠭᠡᠬᠦ ᠶᠠᠪᠤᠴᠠ᠂ ᠬᠦᠰᠦᠨᠦᠭᠲᠦ ᠶᠢᠨ ᠬᠠᠭᠤᠳᠠᠰᠤ ᠶᠢ ᠲᠠᠭᠯᠠᠨ ᠪᠢᠴᠢᠬᠦ ᠠᠩᠬᠠᠷᠬᠤ ᠵᠤᠶᠢᠯᠡᠰ ᠵᠡᠷᠭᠡ ᠲᠦᠷᠢᠮ ᠤᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ ︽ᠪᠢ ᠦᠰᠦ ᠵᠠᠰᠠᠬᠤ ᠭᠠᠵᠠᠷ ᠡᠷᠭᠢᠯᠡᠨ᠎ᠡ︾ ᠭᠡᠬᠦ ᠵᠤᠶᠢᠯᠡᠰ ᠢ ᠭᠦᠢᠴᠡᠤᠡᠭᠡᠬᠦ ᠨᠥᠬᠦᠴᠡᠯ᠂ ᠭᠥᠯᠢᠶᠡᠨ ᠠᠪᠬᠤ ᠠᠭᠤᠯᠭ᠎ᠠ᠂ ᠭᠥᠯᠢᠶᠡᠨ ᠠᠪᠬᠤ ᠪᠠᠷᠢᠮᠵᠢᠶ᠎ᠠ᠂ ᠬᠢᠨᠠᠨ ᠵᠥᠪᠰᠢᠶᠡᠷᠡᠬᠦ ᠶᠠᠪᠤᠴᠠ᠂ ᠬᠢᠨᠠᠨ ᠪᠠᠶᠢᠴᠠᠭᠠᠬᠤ ᠭᠤᠤᠯᠳᠠᠯᠭ᠎ᠠ᠂ ᠬᠦᠴᠢᠷ ᠲᠦᠪᠡᠭᠲᠡᠶ ᠠᠰᠠᠭᠤᠳᠠᠯ ᠵᠢᠴᠢ ᠠᠩᠬᠠᠷᠬᠤ ᠵᠤᠶᠢᠯᠡᠰ ᠵᠡᠷᠭᠡ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠪᠠ᠃ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠵᠤ ᠬᠠᠷᠢᠯᠴᠠᠨ ᠬᠥᠳᠡᠯᠦᠯᠴᠡᠬᠦ ᠪᠠᠷ ᠳᠠᠮᠵᠢᠭᠤᠯᠤᠨ᠂ ᠪᠥᠬᠦ ᠴᠣᠩᠬᠤᠨ ᠤ ᠬᠥᠮᠦᠰ ᠲᠤ ᠪᠣᠳᠠᠲᠠᠶ ᠠᠵᠢᠯ ᠤᠨ ᠳᠤᠮᠳᠠ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠳᠤ ᠬᠠᠷᠢᠭᠤᠯᠲᠠ ᠥᠭᠴᠦ᠂ ᠰᠣᠷᠣᠭᠰᠠᠨ ᠢᠶᠠᠨ ᠬᠡᠷᠡᠭᠯᠡᠬᠦ ᠶᠢ ᠴᠢᠩᠭᠠᠳᠬᠠᠨ᠎ᠠ᠃     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠴᠣᠩᠬᠤᠪᠴᠢ ᠶᠢᠨ ᠠᠵᠢᠯᠲᠠᠨ ᠤ ᠵᠣᠬᠢᠴᠠᠭᠤᠯᠤᠨ ᠨᠡᠪᠲᠡᠷᠡᠯᠴᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢ  ᠳᠡᠭᠡᠭᠰᠢᠯᠡᠭᠦᠯᠤᠨ᠎ᠡ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠷᠠᠭᠤᠯᠤᠯ ᠤᠨ ᠥᠷᠭᠡᠴᠡ ᠶᠢ ᠥᠷᠭᠡᠳᠬᠡᠨ᠂ ︽ᠮᠦᠩᠭᠡ ᠰᠤᠪᠠᠭ · ᠨᠢᠭᠡ ᠤᠳᠠᠭ᠎ᠠ ᠭᠦᠢᠴᠡᠤᠡᠭᠡᠬᠦ︾ ᠡᠯ᠎ᠡ ᠵᠤᠶᠢᠯᠡᠰ ᠤᠨ ᠠᠵᠢᠯ ᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠵᠤ᠂ ᠪᠥᠬᠦ ᠲᠤᠭᠤᠷᠢᠭ ‍ᠤᠨ‌ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮ ᠳᠥᠲᠡ ᠪᠣᠯᠭᠠᠬᠤ ᠪᠠᠶᠢᠭᠤᠯᠤᠯᠲᠠ ᠶᠢ ᠠᠬᠢᠭᠤᠯᠤᠨ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号