ᠬᠠᠶᠢᠷᠤᠪ ᠤᠨ ᠲᠤᠬᠤᠢ ᠲᠣᠭᠤᠷᠢᠭ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ︾᠎ ᠶᠢ ᠢᠳᠡᠪᠬᠢᠲᠡᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/5/25
      ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠦᠬᠦᠮ ᠦᠵᠡᠭᠦᠯᠬᠦ ᠠᠮᠢᠳᠤᠷᠠᠯ ᠢ ᠪᠠᠷᠢᠮᠵᠢᠶᠠᠵᠢᠭᠤᠯᠬᠤ᠂ ᠳᠥᠭᠦᠮᠴᠢᠯᠡᠬᠦ᠂ ᠴᠢᠨᠠᠷᠵᠢᠭᠤᠯᠬᠤ ᠪᠠ ᠤᠶᠤᠨᠵᠢᠭᠤᠯᠬᠤ ᠬᠥᠭᠵᠢᠯᠲᠡ ᠶᠢ ᠬᠦᠴᠦᠯᠡᠨ ᠠᠬᠢᠭᠤᠯᠵᠤ᠂ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ  ᠬᠡᠪᠴᠢᠶ᠎ᠡ︾᠎ ᠶᠢ ᠢᠳᠡᠪᠬᠢᠲᠡᠢ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠵᠡᠢ᠃      ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠹᠧᠩ ᠬᠤᠸᠠᠩ ᠾᠧ ᠭᠤᠣᠯ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠬᠤᠳᠠ ᠶᠢᠨ ᠳᠤᠮᠳᠠᠬᠢ ᠤᠰᠤᠨ ᠰᠢᠰᠲ᠋ᠧᠮ ᠤᠨ 2 ᠳ᠋ᠤᠭᠠᠷ ᠴᠡᠴᠡᠷᠯᠢᠭ ᠲᠤ᠂ ᠴᠠᠩᠴᠢᠩ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠠᠢ ᠬᠠᠮᠲᠤ ᠰᠠᠭᠤᠵᠤ᠂ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ ᠳᠤ ᠠᠷᠭ᠎ᠠ ᠤᠬᠠᠭᠠᠨ ᠭᠠᠷᠭᠠᠵᠤ ᠥᠭᠴᠡᠢ᠃ ᠴᠠᠩᠴᠢᠩ ᠨᠡᠶᠢᠭᠡᠮ ᠲᠣᠭᠤᠷᠢᠭ ᠤᠨ 60 ᠨᠠᠰᠤᠨ ᠠᠴᠠ ᠳᠡᠭᠡᠭᠰᠢᠬᠢ ᠨᠠᠰᠤᠨ ᠤ ᠠᠮᠠᠷᠠᠯᠲᠠ ᠠᠪᠤᠭᠰᠠᠨ ᠰᠠᠭᠤᠭᠠᠯᠢ ᠠᠷᠠᠳ 3252 ᠪᠠᠶᠢᠨ᠎ᠠ᠃ ᠡᠲᠡᠭᠡᠷ ᠨᠠᠰᠤᠲᠠᠶᠢᠴᠤᠳ ᠲᠤ ᠬᠡᠷᠬᠢᠨ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢᠨ ᠠᠪᠴᠢᠷᠠᠭᠰᠠᠨ ᠲᠥᠬᠦᠮ ᠨᠥᠬᠦᠴᠡᠯ ᠢ ᠡᠳ᠋ᠯᠡᠭᠦᠯᠬᠦ ᠪᠣᠶ ᠭᠡᠳᠡᠭ ᠨᠢ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠤᠶᠢᠯᠡᠴᠢᠯᠡᠬᠦ‍ ᠨᠢᠭᠡ ᠵᠤᠶᠢᠯ ᠤᠨ ᠭᠤᠤᠯᠳᠠᠯᠭ᠎ᠠ ᠲᠠᠢ ᠠᠭᠤᠯᠭ᠎ᠠ ᠪᠣᠯᠤᠭᠰᠠᠨ ᠪᠠᠶᠢᠨ᠎ᠠ᠃ ᠪᠦᠬᠦ ᠬᠤᠳᠠ ᠶᠢᠨ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢᠨ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠬᠢᠨ ᠡᠮᠦᠨ᠎ᠡ ᠬᠤᠭᠤᠴᠠᠭᠠᠨ ᠳᠤ ᠪᠦᠬᠦ ᠲᠠᠯ᠎ᠠ ᠶᠢᠨ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠪᠠᠷ ᠳᠠᠮᠵᠢᠨ᠂ ᠰᠣᠶᠣᠯ ᠤᠨ ᠠᠭᠤᠳᠠᠮ ᠲᠠᠯᠠᠪᠠᠢ ᠶᠢ ᠳᠡᠭᠡᠭᠰᠢᠯᠡᠭᠦᠯᠬᠦ᠂ ᠨᠡᠶᠢᠭᠡᠮ ᠲᠣᠭᠤᠷᠢᠭ ᠤᠨ ᠰᠡᠯᠡᠭᠦᠴᠡᠯ ᠤᠨ ᠰᠠᠭᠤᠳᠠᠯ ᠢ ᠰᠠᠶᠢᠵᠢᠷᠠᠭᠤᠯᠬᠤ᠂ ᠬᠡᠦᠬᠡᠳ ᠤᠨ ᠴᠡᠩᠭᠡᠯ ᠤᠨ ᠬᠦᠷᠢᠶᠡᠯᠡᠩ ᠢ ᠪᠠᠶᠢᠭᠤᠯᠬᠤ᠂ ᠪᠡᠶ᠎ᠡ ᠴᠢᠭᠢᠷᠠᠭᠵᠢᠭᠤᠯᠬᠤ ᠵᠠᠮ ᠢ ᠨᠡᠮᠡᠵᠦ ᠪᠠᠶᠢᠭᠤᠯᠬᠤ ᠵᠡᠷᠭᠡ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠪᠠᠴᠢᠮ ᠰᠢᠢᠳᠪᠦᠷᠢᠯᠡᠬᠦ ᠴᠢᠬᠤᠯᠠᠲᠠᠢ ᠶᠠᠪᠤᠳᠠᠯ ᠤᠳ ᠢ ᠲᠣᠭᠲᠠᠭᠠᠵᠠᠢ᠃      ᠴᠠᠩᠴᠢᠩ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠨᠠᠮ ᠤᠨ ᠭᠡᠰᠢᠭᠦᠨ ᠺᠠᠳ᠋ᠷᠴᠤᠳ ᠢᠶᠠᠷ ᠭᠤᠣᠯᠯᠠᠭᠴᠢ ᠪᠣᠯᠭᠠᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠨᠡᠶᠢᠭᠡᠮ ᠤᠨ ᠦᠢᠯᠡᠴᠢᠯᠡᠭᠡ ᠶᠢ ︽ᠥᠴᠦᠬᠡᠨ ᠴᠦ ᠵᠠᠶᠢᠳᠠᠭᠤᠯᠬᠤ ᠦᠭᠡᠢ︾᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ︽ᠪᠦᠬᠦᠨ ᠢ ᠴᠤᠤᠷᠢᠶᠠᠲᠤᠭᠤᠯᠬᠤ︾᠎ ᠶᠢ ᠪᠠᠷᠢᠮᠲᠠᠯᠠᠭᠰᠠᠭᠠᠷ ᠢᠷᠡᠵᠠᠢ᠃     ᠣᠶᠢᠯᠠᠭᠠᠭᠰᠠᠨ ᠢᠶᠠᠷ᠂ ᠰᠢᠨᠬᠤᠸᠠ ᠵᠡᠭᠡᠯᠢ ᠭᠤᠳᠤᠮᠵᠢ ᠨᠢ ᠾᠧ ᠫᠢᠩ ᠨᠡᠶᠢᠭᠡᠮ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ︽ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ︾ ᠵᠠᠷᠴᠢᠮ ᠶᠣᠰᠣᠭᠠᠷ᠂ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠤᠡ ᠠᠰᠢᠭᠯᠠᠨ᠂ ᠬᠠᠷᠢᠶᠠᠲᠤ ᠨᠣᠭᠤᠭᠠᠨ ᠭᠠᠵᠠᠷ ᠪᠠ ᠥᠨᠴᠥᠭ ᠪᠤᠯᠤᠩ ᠬᠤᠭᠤᠰᠣᠨ ᠭᠠᠵᠠᠷ ᠢ ᠨᠡᠭᠡᠭᠡᠨ ᠬᠥᠭᠵᠢᠭᠦᠯᠵᠦ ᠰᠠᠭᠤᠭᠠᠯᠢ ᠠᠷᠠᠳ ᠲᠤ ᠵᠢᠵᠢᠭ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠠᠶ᠂ ᠰᠣᠶᠣᠯ ᠤᠨ ᠴᠡᠴᠡᠷᠯᠢᠭ ᠪᠠᠶᠢᠭᠤᠯᠬᠤ ᠵᠡᠷᠭᠡ ᠠᠩᠬ᠎ᠠ ᠠᠯᠬᠤᠮ ᠤᠨ ᠲᠥᠰᠦᠯ ᠢ ᠲᠣᠭᠲᠠᠭᠠᠭᠰᠠᠨ ᠪᠠᠶᠢᠨ᠎ᠠ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ 5 ᠨᠡᠶᠢᠭᠡᠮ ᠲᠣᠭᠤᠷᠢᠭ ᠢ ᠨᠥᠯᠥᠭᠡᠯᠡᠨ᠂ 4 ᠲᠦᠮᠡ ᠭᠠᠷᠤᠶ ᠬᠥᠮᠦᠨ ᠳᠤ  ᠤᠶᠢᠯᠡᠴᠢᠯᠡᠵᠤ ᠪᠣᠯᠤᠨ᠎ᠠ᠃ ᠣᠯᠠᠨ ᠤ ᠰᠠᠨᠠᠭᠤᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠰᠢᠨᠬᠤᠸᠠ ᠵᠡᠭᠡᠯᠢ ᠭᠤᠳᠤᠮᠵᠢ ᠳᠤ ︿ᠨᠢᠭᠡ ᠮᠦᠴᠡᠳᠤ ᠰᠣᠶᠣᠯ ᠪᠣᠯᠪᠠᠰᠤᠷᠠᠯ ᠤᠨ ᠪᠡᠶ᠎ᠡ ᠴᠢᠭᠢᠷᠠᠭᠵᠢᠭᠤᠯᠬᠤ ᠬᠦᠷᠢᠶ᠎ᠡ﹀᠎ ᠶᠢ ᠪᠠᠶᠢᠭᠤᠯᠵᠤ᠂ ᠥᠨᠴᠥᠭ ᠪᠤᠯᠤᠩ ᠤᠨ ᠨᠣᠭᠤᠭᠠᠷᠠᠭᠤᠯᠤᠯᠲᠠ ᠶᠢ ᠠᠰᠢᠭᠯᠠᠨ ᠬᠠᠲᠠᠭᠤᠵᠢᠭᠤᠯᠬᠤ ᠪᠠ ᠨᠣᠭᠤᠭᠠᠷᠠᠭᠤᠯᠬᠤ ᠶᠢ ᠨᠡᠮᠡᠭᠳᠡᠭᠦᠯᠵᠦ᠂ ᠪᠠᠰᠠ ᠨᠢᠭᠡ ᠪᠦᠯᠦᠭ ᠲᠠᠮᠢᠷ ᠤᠨ ᠲᠥᠬᠦᠭᠡᠷᠦᠮᠵᠢ ᠨᠡᠮᠡᠵᠦ᠂ ᠰᠠᠭᠤᠭᠠᠯᠢ ᠠᠷᠠᠳ ᠲᠤ ᠰᠡᠯᠡᠭᠦᠴᠡᠯ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠬᠠᠩᠭᠠᠬᠤ ᠪᠠᠷ ᠪᠡᠯᠡᠳᠬᠡᠵᠦ ᠪᠠᠶᠢᠨ᠎ᠠ᠃ ᠡᠭᠦᠨ ᠤ ᠬᠠᠮᠲᠤ᠂ ᠮᠢᠩ ᠳ᠋ᠧ ᠭᠡᠷ ᠣᠷᠣᠨ ᠤ 1000 ᠲᠡᠭᠰᠢ ᠳᠥᠷᠪᠡᠯᠵᠢᠨ ᠮᠧᠲᠷ ᠤᠨ ᠬᠤᠭᠤᠰᠣᠨ ᠦᠷᠦᠭᠡ ᠶᠢ ᠠᠰᠢᠭᠯᠠᠵᠤ᠂ ᠪᠡᠶ᠎ᠡ ᠴᠢᠭᠢᠷᠠᠭᠵᠢᠭᠤᠯᠬᠤ ᠦᠷᠦᠭᠡ ᠪᠠ ᠤᠩᠰᠢᠯᠭ᠎ᠠ ᠶᠢᠨ ᠦᠷᠦᠭᠡ ᠶᠢ ᠪᠠᠶᠢᠭᠤᠯᠤᠨ᠎ᠠ᠃      ᠣᠳᠣᠬᠠᠨ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠢᠭᠡᠨᠲᠡ 3 ᠨᠡᠶᠢᠭᠡᠮ ᠲᠣᠭᠤᠷᠢᠭ ᠢ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢ ᠬᠡᠷᠡᠭᠵᠢᠭᠦᠯᠬᠦ ᠲᠤᠷᠰᠢᠯᠲᠠ ᠶᠢᠨ ᠴᠡᠭ ᠪᠣᠯᠭᠠᠬᠤ ᠪᠠᠷ ᠲᠣᠭᠲᠠᠭᠠᠵᠠᠢ᠂ ᠡᠭᠦᠨ ᠳᠤ ᠰᠢᠨᠬᠤᠸᠠ ᠵᠡᠭᠡᠯᠢ ᠭᠤᠳᠤᠮᠵᠢ ᠶᠢᠨ ᠺᠠᠩ ᠯᠧ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠪᠣᠯᠤᠨ ᠪᠢᠨ ᠾᠧ ᠵᠡᠭᠡᠯᠢ ᠭᠤᠳᠤᠮᠵᠢ ᠶᠢᠨ ᠬᠤ᠋ ᠳ᠋ᠦᠩ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠪᠠᠭᠲᠠᠨ᠎ᠠ᠃ 3 ᠲᠤᠷᠰᠢᠯᠲᠠ ᠶᠢᠨ ᠴᠡᠭ ᠨᠢ ᠴᠥᠮ ᠨᠡᠶᠢᠭᠡᠮ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠭᠤᠯᠤᠯᠲᠠ ᠶᠢᠨ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ ᠵᠡᠷᠭᠡ ᠪᠠᠷ ᠥᠷᠨᠢᠭᠦᠯᠵᠦ᠂ ᠲᠤᠷᠰᠢᠯᠲᠠ ᠶᠢᠨ ᠴᠡᠭ ᠪᠣᠯᠬᠤ ᠨᠡᠶᠢᠭᠡᠮ ᠲᠣᠭᠤᠷᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠬᠥᠮᠦᠨ ᠠᠮᠠ ᠶᠢᠨ ᠨᠠᠰᠤᠨ ᠤ ᠪᠦᠷᠢᠯᠳᠦᠯ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢ ᠦᠨᠡᠨᠬᠦ ᠪᠠᠲᠤᠯᠠᠵᠤ᠂ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢᠨ ᠲᠤᠷᠰᠢᠯᠲᠠ ᠶᠢᠨ ᠴᠡᠭ ᠤᠨ ᠠᠵᠢᠯ ᠢ ᠤᠷᠤᠭᠰᠢᠲᠠᠶ ᠥᠷᠨᠢᠭᠦᠯᠬᠦ ᠶᠢ ᠠᠬᠢᠭᠤᠯᠪᠠ᠃         ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ ᠰᠢᠨ ᠶᠤᠸᠠᠢ ᠶᠢᠩ ᠤᠨ ᠲᠠᠨᠢᠯᠴᠠᠭᠤᠯᠤᠭᠰᠠᠨ ᠢᠶᠠᠷ᠂ ︿ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ  ᠬᠦᠷᠢᠶ᠎ᠡ ﹀᠎ ᠨᠢ ︿ᠬᠤᠣᠰ ᠳᠤᠭᠤᠶᠢᠯᠠᠩ ᠤᠨ ᠳᠠᠷᠤᠭ᠎ᠠ ᠶᠢᠨ ᠳᠦᠷᠢᠮ﹀᠎ ᠤᠨ ᠠᠵᠢᠯ ᠤᠨ ᠲᠣᠭᠲᠠᠴᠠ ᠶᠢᠨ ᠳᠣᠣᠷ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠰᠠᠯᠠᠭ᠎ᠠ ᠮᠥᠴᠢᠷ ᠤᠨ ᠶᠠᠷᠢᠯᠴᠠᠬᠤ ᠬᠤᠷᠠᠯ ᠵᠢᠴᠢ ᠠᠵᠢᠯ ᠤᠨ ᠬᠤᠷᠠᠯ ᠢ ᠠᠬᠢᠭᠤᠯᠬᠤ ᠪᠠᠷ ᠳᠠᠮᠵᠢᠭᠤᠯᠵᠤ᠂ ᠤᠳᠤ ᠨᠢᠭᠡᠨᠲᠡ 3 ᠭᠤᠣᠯ ᠲᠣᠭᠤᠷᠢᠭ ᠤᠨ ᠠᠵᠢᠯ ᠤᠨ ᠡᠭᠦᠷᠭᠡ ᠶᠢᠨ ᠨᠠᠷᠢᠨ ᠳᠠᠩᠰᠠ ᠶᠢ ᠠᠩᠬ᠎ᠠ ᠠᠯᠬᠤᠮ ᠪᠦᠷᠢᠯᠳᠦᠭᠦᠯᠵᠦ᠂ ᠡᠯ᠎ᠡ ᠰᠠᠯᠠᠭ᠎ᠠ ᠮᠥᠴᠢᠷ ᠴᠦ ᠵᠠᠯᠭᠠᠪᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠨᠡᠷ᠎ᠡ ᠮᠡᠳᠡᠭᠦᠯᠵᠦ᠂ ᠠᠵᠢᠯ ᠤᠨ ᠡᠭᠦᠷᠭᠡ ᠪᠠᠨ ᠠᠪᠴᠠᠢ᠃ ᠡᠨᠡ ᠵᠢᠯ᠂ ᠠᠵᠢᠯ ᠤᠨ ᠬᠠᠷᠠᠯᠲᠠ ᠶᠢᠨ ᠲᠣᠭᠤᠷᠢᠨ ᠳᠤ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ ᠶᠢ ᠲᠣᠭᠲᠠᠭᠠᠵᠤ᠂ 3 ᠲᠤᠷᠰᠢᠯᠲᠠ ᠶᠢᠨ ᠴᠡᠭ ᠤᠨ ᠲᠣᠭᠤᠷᠢᠭ ᠢ ᠪᠠᠶᠢᠭᠤᠯᠬᠤ ᠠᠵᠢᠯ ᠢ ᠪᠡᠶᠡᠯᠡᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ  ᠲᠣᠭᠤᠷᠢᠭ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢᠨ ᠪᠦᠳᠦᠭᠡᠨ ᠪᠠᠶᠢᠭᠤᠯᠤᠯᠲᠠ ᠶᠢᠨ 3 ᠵᠢᠯ ᠤᠨ ᠠᠵᠢᠯᠯᠠᠭ᠎ᠠ ᠶᠢᠨ ᠠᠵᠢᠯ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠨᠡᠶᠢᠭᠡᠮ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠴᠢ ᠶᠢᠨ ᠡᠩᠨᠡᠭᠡ ᠶᠢ ᠪᠠᠶᠢᠭᠤᠯᠵᠤ᠂ ᠴᠠᠭ ᠲᠤᠬᠠᠢ ᠳᠤᠨᠢ ᠮᠥᠷᠳᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠴᠣᠭᠴᠠᠯᠠᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂  ᠴᠡᠭ ᠢᠶᠠᠷ ᠨᠡᠶᠢᠳᠡᠮ ᠢ ᠳᠠᠶᠢᠴᠢᠯᠠᠵᠤ᠂ ᠪᠠᠶᠢᠷᠢᠰᠢᠯ ᠨᠢ ᠵᠦᠶ ᠵᠣᠬᠢᠰᠲᠠᠶ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠪᠦᠷᠢᠨ ᠭᠦᠢᠴᠡᠤᠡ᠂ ᠴᠢᠳᠠᠮᠵᠢ ᠨᠢ ᠪᠦᠷᠢᠨ ᠲᠡᠭᠦᠯᠳᠡᠷ᠂ ᠤᠬᠠᠭᠠᠯᠢᠭ ᠪᠥᠭᠡᠳ ᠳᠥᠭᠦᠮ ᠳᠥᠲᠡ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠤᠶᠢᠯᠡᠴᠢᠯᠡᠭᠡ ᠨᠢ ᠴᠢᠨᠠᠷ ᠰᠠᠶᠢᠲᠠᠶ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ᠂ ᠬᠤᠳᠠᠯᠳᠤᠭ᠎ᠠ ᠣᠷᠣᠨ ᠰᠠᠭᠤᠴᠠ ᠨᠢ ᠡᠶ᠎ᠡ ᠵᠣᠬᠢᠴᠠᠯ ᠲᠠᠢ ᠬᠤᠲᠠ ᠶᠢᠨ ᠠᠷᠠᠳ ᠲᠤ ᠲᠥᠬᠦᠮ ᠦᠵᠡᠭᠦᠯᠬᠦ‍ ᠨᠢᠭᠡ ᠪᠦᠯᠦᠭ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠪᠥᠲᠥᠭᠡᠨ ᠪᠠᠶᠢᠭᠤᠯᠵᠤ᠂ ᠰᠠᠭᠤᠷᠢᠰᠢᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ ᠲᠡᠵᠢᠭᠡᠬᠦ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ᠪᠠᠶᠢᠬᠤ ᠶᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号