ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠨᠡᠩ ᠡᠷᠡᠭᠦᠯ ᠪᠥᠭᠡᠳ ᠵᠢᠷᠤᠮᠵᠢᠭᠤᠨ᠂ | ᠤᠯᠤᠰ ᠲᠦᠷᠦ ᠶᠢᠨ ᠠᠮᠢ ᠠᠬᠤᠢ ᠶᠢ ᠴᠣ᠋ ᠰᠢᠨ᠎ᠡ ᠪᠠᠶᠢᠳᠠᠯ ᠲᠠᠢ ᠪᠣᠯᠭᠠᠬᠤ ᠶᠢ ᠠᠬᠢᠭᠤᠯᠬᠤ ᠶᠢᠨ ᠲᠥᠯᠥᠭᠡ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ 5 ᠰᠠᠷ᠎ᠠ ᠶᠢᠨ 23 ᠤ ᠡᠳᠦᠷ᠂ | ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠴᠠᠩ ᠴᠢᠩ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠠᠢ ᠬᠠᠮᠲᠤᠷᠠᠨ 5 ᠰᠠᠷ᠎ᠠ ᠶᠢᠨ ︽ᠤᠯᠤᠰ ᠲᠦᠷᠦ ᠶᠢᠨ ᠰᠠᠬᠢᠯᠭ᠎ᠠ | ᠪᠠᠲᠤ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠵᠢᠷᠤᠮᠵᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠪᠠᠷ ᠦᠷᠨᠢᠭᠦᠯᠪᠡ᠃ | |  b | ᠭᠤᠣᠯ ᠰᠡᠳᠦᠪᠲᠦ ᠨᠠᠮ ᠤᠨ ᠡᠳᠦᠷ ᠤᠨ ᠲᠣᠭᠲᠠᠭᠠᠭᠰᠠᠨ ᠲᠡᠰ ᠳᠠᠷᠠᠭᠠᠯᠠᠯ ᠢ ᠪᠡᠶᠡᠯᠡᠭᠦᠯᠦᠭᠰᠡᠨ ᠤ ᠲᠠᠷᠠᠭ᠎ᠠ᠂ | ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠢᠦᠢ ᠬᠤᠸᠠ ᠳᠠᠭᠠᠭᠤᠯᠤᠨ | ᠰᠤᠷᠤᠯᠴᠠᠵᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ︽ᠰᠢᠨ᠎ᠡ ᠪᠠᠶᠢᠳᠠᠯ ᠳᠣᠣᠷᠠᠬᠢ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠲᠥᠪᠯᠡᠷᠡᠭᠦᠯᠦᠨ | ᠰᠤᠷᠤᠯᠴᠠᠭᠤᠯᠤᠭᠰᠠᠨ ᠤ ᠬᠠᠮᠲᠤ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠦᠬᠠᠢ ᠬᠤᠳᠠ ᠶᠢᠨ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠵᠢᠴᠢ ᠨᠠᠮ ᠤᠨ ᠭᠡᠰᠢᠭᠦᠨ ᠤ | ᠤᠯᠤᠰ ᠲᠦᠷᠦ ᠶᠢᠨ ᠠᠮᠢᠳᠤᠷᠠᠯ ᠤᠨ ᠣᠷᠳᠣᠨ ᠢᠶᠠᠷ ᠲᠣᠭᠤᠷᠢᠨ ᠦᠵᠡᠭᠦᠯᠪᠡ᠃ |  ᠲᠠᠶᠢᠯᠪᠤᠷᠢᠯᠠᠭᠴᠢ ᠶᠢᠨ ᠲᠠᠭᠠᠭᠤᠯᠭ᠎ᠠ ᠳᠣᠣᠷ᠎ᠠ᠂ ᠨᠠᠮ ᠢ ᠴᠢᠩᠭ᠎ᠠ ᠵᠠᠰᠠᠭᠰᠠᠨ ᠥᠩᠭᠡᠷᠡᠯᠲᠡ ᠶᠢ ᠲᠠᠬᠢᠨ | ᠡᠷᠭᠢᠴᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠦᠷ᠎ᠡ ᠪᠦᠲᠦᠮᠵᠢ ᠶᠢ ᠡᠷᠭᠢᠴᠡᠭᠦᠯᠬᠦ ᠵᠡᠷᠭᠡ | ᠬᠠᠭᠤᠳᠠᠰᠤ ᠠᠴᠠ ᠮᠠᠨ ᠤ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠳᠠᠬᠢ ︽ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ︾ ᠡᠨᠡᠬᠦ ᠴᠢᠬᠤᠯᠠ ᠬᠠᠭᠤᠳᠠᠰᠤ ᠶᠢᠨ ᠭᠡᠷᠡᠯ ᠰᠠᠴᠤᠷᠠᠩᠭᠤᠢ ᠠᠮᠵᠢᠯᠲᠠ ᠶᠢ ᠰᠢᠰᠲ᠋ᠧᠮ ᠲᠠᠢ ᠳᠡᠯᠭᠡᠨ | ᠦᠵᠡᠭᠦᠯᠵᠡᠢ᠃ ᠲᠣᠭᠤᠷᠢᠨ ᠦᠵᠡᠬᠦ ᠶᠠᠪᠤᠴᠠ ᠳᠤ᠂ ᠨᠠᠮ ᠤᠨ ᠭᠡᠰᠢᠭᠦᠳ ᠪᠠᠰᠠ ᠨᠣᠮ ᠤᠨ ᠰᠠᠩ ᠳᠤ ᠵᠣᠬᠢᠶᠠᠨ | ᠪᠠᠶᠢᠭᠤᠯᠤᠭᠰᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠦᠯᠵᠢᠶᠡᠨ ᠳᠡᠭᠡᠷᠡᠬᠢ ᠮᠡᠳᠡᠯᠭᠡ ᠶᠢᠨ ᠤᠷᠤᠯᠳᠤᠭᠠᠨ | ᠵᠢᠴᠢ ᠤᠬ ᠰᠠᠨᠠᠭ᠎ᠠ ᠪᠠᠨ ᠣᠯᠵᠤ ᠬᠠᠷᠠᠬᠤ᠂ ᠳᠠᠳᠬᠠᠯ ᠦᠭᠡ ᠶᠢ ᠬᠠᠭᠤᠯᠤᠨ ᠪᠢᠴᠢᠬᠦ ᠠᠵᠢᠯᠯᠠᠭ᠎ᠠ ᠳᠤ ᠢᠳᠡᠪᠬᠢᠲᠡᠢ | ᠣᠷᠣᠯᠴᠠᠭᠰᠠᠨ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠥᠴᠦᠬᠡᠨ ᠴᠦ ᠠᠭᠤᠴᠢᠯᠠᠬᠤ ᠦᠭᠡᠢ︾ ᠶᠢ | ᠬᠠᠮᠲᠤ ᠪᠠᠷ ᠦᠵᠡᠵᠦ᠂ ᠨᠠᠮ ᠤᠨ ᠭᠡᠰᠢᠭᠦᠳ ᠤᠨ ᠬᠦᠰᠡᠯᠡᠩ ᠢᠲᠡᠭᠡᠯ ᠪᠢᠰᠢᠷᠡᠯ ᠤᠨ ᠶᠡᠷᠦᠩᠬᠡᠢ ᠨᠡᠭᠡᠭᠡᠯᠭᠡ ᠶᠢ ᠪᠠᠲᠤ | ᠪᠤᠢ ᠪᠣᠯᠭᠠᠵᠤ᠂ ᠤᠯᠠᠨ ᠤ ᠰᠡᠳᠬᠢᠯ ᠢ ᠳᠣᠩᠰᠣᠯᠭᠠᠵᠤ᠂ ᠭᠦᠨ ᠬᠥᠮᠦᠵᠢᠯ ᠬᠦᠷᠳᠡᠵᠡᠢ᠃ | ᠨᠠᠮ ᠤᠨ ᠭᠡᠰᠢᠭᠦᠳ ᠲᠤᠰ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠭᠤᠯᠭ᠎ᠠ ᠪᠠᠶᠠᠯᠢᠭ᠂ | ᠬᠡᠯᠪᠡᠷᠢ ᠤᠯᠠᠨ ᠶᠠᠩᠵᠤ ᠶᠢᠨ᠂ ᠰᠤᠷᠭᠠᠨ ᠬᠥᠮᠦᠵᠢᠭᠦᠯᠬᠦ ᠴᠢᠨᠠᠷ ᠢᠶᠠᠷ ᠮᠠᠰᠢ ᠴᠢᠩᠭ᠎ᠠ᠂ ᠬᠤᠶᠢᠰᠢᠳᠠ ᠶᠢᠨ ᠠᠵᠢᠯ ᠤᠨ | ᠳᠤᠮᠳᠠ ᠪᠠᠨ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠵᠢᠷᠤᠮᠯᠠᠵᠤ᠂ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠵᠤ᠂ ᠨᠠᠮᠴᠢ ᠴᠢᠨᠠᠷ ᠤᠨ ᠳᠠᠪᠲᠠᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠴᠠᠭ ᠢᠮᠠᠭᠲᠠ ᠪᠡᠶ᠎ᠡ ᠪᠠᠨ ᠱᠠᠭᠠᠷᠳᠠᠬᠤ᠂ ᠪᠡᠶ᠎ᠡ ᠪᠠᠨ ᠰᠡᠷᠡᠮᠵᠢᠯᠡᠭᠦᠯᠬᠦ᠂ | ᠪᠡᠶ᠎ᠡ ᠪᠠᠨ ᠰᠡᠬᠡᠭᠡᠷᠡᠭᠦᠯᠬᠦ ᠶᠢ ᠪᠡᠶᠡᠯᠡᠭᠦᠯᠵᠦ᠂ ᠤᠯᠤᠰ ᠲᠦᠷᠦ ᠶᠢᠨ ᠠᠷᠢᠭᠤᠨ ᠴᠢᠬᠡᠴᠢ ᠶᠢᠨ ᠤᠤᠷ ᠴᠢᠨᠠᠷ ᠢᠶᠠᠨ | ᠡᠭᠦᠷᠢᠳᠡ ᠪᠠᠲᠤᠯᠠᠨ᠎ᠠ ᠭᠡᠵᠦ ᠢᠯᠡᠳᠬᠡᠵᠡᠭᠡᠪᠡ᠃ | | | | |