ᠬᠠᠶᠢᠷᠤᠪ ᠤᠨ ᠲᠤᠬᠤᠢ ᠲᠤᠭᠤᠷᠢᠭ ᠲᠤ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/5/26
      ᠡᠨᠡ ᠵᠢᠯ᠂ ᠬᠠᠶᠢᠷᠤᠪ ᠤᠨ ᠲᠤᠬᠤᠢ ᠲᠤᠭᠤᠷᠢᠭ ᠲᠤ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠶ ᠴᠢᠩᠭᠠᠳᠬᠠᠵᠤ᠂ ︽ᠳᠣᠯᠣᠭᠠᠨ ᠵᠠᠰᠠᠯᠲᠠ︾᠎ ᠪᠠᠷ ᠭᠠᠷᠳᠠᠴᠠ ᠪᠣᠯᠭᠠᠵᠤ᠂  ᠲᠤᠭᠤᠷᠢᠭ ᠤᠨ ᠨᠠᠮ ᠤᠨ ᠬᠤᠷᠢᠶ᠎ᠠ ᠶᠢᠨ ᠠᠮᠢ ᠠᠬᠤᠶ ᠣᠷᠴᠢᠨ ᠲᠣᠭᠤᠷᠢᠨ ᠤ ᠵᠥᠪᠯᠡᠯ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠶᠡᠷᠦᠩᠬᠡᠶ ᠲᠦᠷᠦᠭᠦᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠤᠡᠪᠤᠷᠢᠯᠡᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠲᠣᠭᠤᠷᠢᠭ ᠤᠨ ᠳᠦᠷᠪᠡᠨ ᠶᠡᠭᠡ ᠪᠠᠭ ᠤᠨ ᠤᠳᠤᠷᠢᠳᠤᠯᠭ᠎ᠠ ᠶᠢ ᠵᠣᠬᠢᠶᠠᠨ ᠪᠠᠶᠢᠭᠤᠯᠵᠤ ᠲᠣᠣᠷᠵᠢᠭᠤᠯᠤᠨ ᠬᠤᠯᠪᠣᠭᠠᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ᠂ ᠡᠨᠧᠷᠭᠢ᠂ ᠬᠠᠤᠯᠢ ᠬᠡᠷᠡᠭᠵᠢᠭᠦᠯᠬᠦ ᠵᠡᠷᠭᠡ ᠤᠯᠠᠨ ᠰᠠᠯᠠᠭ᠎ᠠ ᠮᠥᠴᠢᠷ ᠤᠨ ᠨᠢᠭᠡᠳᠦᠯᠲᠡᠢ ᠠᠵᠢᠯᠯᠠᠭ᠎ᠠ ᠲᠠᠢ ᠬᠠᠮᠵᠢᠯᠴᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠬᠠᠮᠲᠤᠪᠠᠷ ᠭᠠᠷᠳᠠᠵᠦ᠂ ᠠᠮᠢ ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠡᠷᠡᠰ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃      ᠣᠳᠣᠬᠠᠨ ᠳᠤ᠂ ᠬᠠᠶᠢᠷᠤᠪ ᠤᠨ ᠲᠤᠬᠤᠢ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠨᠢᠭᠡᠨᠲᠡ ᠦᠷ᠎ᠡ ᠪᠦᠲᠦᠮᠵᠢ ᠣᠯᠵᠠᠢ᠃     ︽ᠠᠭᠤᠷᠬᠠᠶ ᠶᠢ ᠵᠠᠰᠠᠬᠤ︾ ᠬᠢᠷᠢ ᠲᠦᠪᠰᠢᠨ ᠳᠡᠭᠡᠭᠰᠢᠯᠡᠵᠦ᠂ ᠪᠦᠬᠦ ᠬᠤᠲᠠ ᠶᠢᠨ ᠬᠤᠲᠠ ᠶᠢᠨ ᠲᠣᠭᠤᠷᠢᠭ ᠠᠴᠠ ᠬᠠᠮᠤᠭ ᠤᠨ ᠣᠶᠢᠷ᠎ᠠ᠂ ᠰᠢᠲᠠᠭᠰᠠᠨ ᠲᠠᠯᠠᠪᠠᠶ ᠨᠢ 28 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠰᠡᠨ ᠤᠤᠯ ᠤᠨ ᠬᠠᠭᠤᠴᠢᠨ ᠠᠭᠤᠶ ᠶᠢᠨ ᠭᠤᠣᠯ ᠦᠭᠡᠶ ᠠᠭᠤᠷᠬᠠᠶ ᠶᠢᠨ ᠣᠷᠣᠨ ᠤ ᠠᠭᠤᠷᠬᠠᠶ ᠶᠢᠨ ᠴᠢᠯᠠᠭᠤ ᠶᠢ ᠥᠪᠡᠷᠲᠡᠭᠡᠨ ᠰᠢᠲᠠᠭᠠᠵᠤ ᠵᠠᠰᠠᠬᠤ ᠢᠨᠵᠧᠨᠧᠷᠢᠩ ᠢ ᠪᠡᠶᠡᠯᠡᠭᠦᠯᠵᠦ᠂ 36 ᠠᠭᠤᠷᠬᠠᠶ ᠶᠢᠨ ᠣᠷᠣᠨ ᠤ ᠠᠵᠤ ᠠᠬᠤᠶᠢᠯᠠᠯ ᠳᠤ 143 ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠠᠭᠤᠷᠬᠠᠶ ᠶᠢᠨ ᠲᠣᠭᠤᠰᠣ ᠰᠢᠷᠣᠶ ᠶᠢᠨ ᠪᠣᠬᠢᠷᠲᠤᠯ ᠤᠨ ᠲᠣᠮᠣ ᠳ᠋ᠠᠶᠢᠲ᠋ᠠ ᠶᠢ ᠵᠠᠳᠠᠯᠤᠨ ᠰᠡᠭᠦᠳᠡᠷᠯᠡᠬᠦ ᠶᠢ ᠪᠡᠶᠡᠯᠡᠭᠦᠯᠵᠦ ᠂ ᠲᠡᠤᠬᠡᠨ ᠠᠴᠠ ᠦᠯᠡᠳᠡᠭᠳᠡᠵᠦ ᠢᠷᠡᠭᠰᠡᠨ ᠴᠣᠬᠤᠶ ᠶᠢᠨ ᠴᠢᠯᠠᠭᠤᠨ ᠤ ᠠᠭᠤᠷᠬᠠᠶ ᠶᠢ ᠨᠡᠭᠡᠭᠡᠨ ᠮᠠᠯᠲᠠᠬᠤ 2 ᠬᠠᠶᠠᠭᠳᠠᠮᠠᠯ ᠨᠦᠬᠡ ᠶᠢ ᠨᠢᠭᠡᠨᠲᠡ ᠪᠠᠶᠢᠭᠠᠯᠢ ᠶᠢᠨ ᠭᠠᠵᠠᠷ ᠤᠨ ᠲᠥᠷᠬᠦ ᠶᠢ ᠰᠡᠷᠭᠦᠭᠡᠭᠰᠡᠨ ᠪᠥᠭᠡᠳ ᠤᠤᠯ ᠤᠨ ᠴᠢᠶᠠᠨ ᠭᠠᠩ ᠮᠡᠷᠭᠡᠵᠢᠯ ᠤᠨ ᠰᠤᠷᠭᠠᠭᠤᠯᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠭᠠᠷᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ︔ ︽ᠠᠵᠤ ᠠᠬᠤᠶᠢᠯᠠᠯ ᠢ ᠵᠠᠰᠠᠬᠤ︾ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠬᠤᠶᠠᠷ ᠥᠨᠳᠥᠷ︾᠎ ᠎ ᠤᠨ ᠲᠥᠷᠥᠯ ᠵᠤᠶᠢᠯ ᠢ ᠡᠬᠢᠯᠡᠭᠦᠯᠬᠦ ᠶᠢ ᠴᠢᠩᠭ᠎ᠠ ᠬᠢᠵᠠᠭᠠᠷᠯᠠᠵᠤ᠂ ᠬᠠᠭᠤᠷᠮᠠᠭ ᠵᠣᠭᠤᠰ ᠢᠶᠠᠷ ᠠᠭᠤᠷᠬᠠᠶ ᠮᠠᠯᠲᠠᠬᠤ 3 ᠲᠣᠮᠣ ᠳ᠋ᠠᠶᠢᠲ᠋ᠠ ᠶᠢᠨ ᠠᠵᠤ ᠠᠬᠤᠶᠢᠯᠠᠯ ᠢ ᠬᠠᠭᠠᠵᠤ ᠵᠣᠭᠰᠣᠭᠠᠪᠠ᠃     — ︽ᠪᠠᠶᠢᠭᠠᠯᠢ ᠶᠢᠨ ᠰᠢᠲᠠᠮᠠᠬᠠᠶ ᠬᠡᠶ ᠶᠢ ᠵᠠᠰᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ 32 ᠲᠥᠷᠥᠯ ᠵᠤᠶᠢᠯ᠂ ᠬᠡᠦᠷᠰᠢᠭᠦᠯᠦᠭᠰᠡᠨ 5 ᠠᠵᠤ ᠠᠬᠤᠶᠢᠯᠠᠯ ᠤᠨ VOCs ᠵᠠᠰᠠᠯᠲᠠ ᠶᠢᠨ ᠢᠨᠵᠧᠨᠧᠷᠢᠩ ᠵᠢᠴᠢ 7 ᠠᠵᠤ ᠤᠶᠢᠯᠡᠤᠡᠪᠤᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ ᠪᠢᠲᠡᠭᠦᠮᠵᠢᠯᠡᠭᠰᠡᠨ ᠮᠠᠲ᠋ᠧᠷᠢᠶᠠᠯ ᠤᠨ ᠬᠥᠮᠥᠷᠭᠡ ᠵᠡᠷᠭᠡ ᠬᠤᠭ ᠲᠣᠭᠤᠰᠣ ᠶᠢ ᠬᠤᠷᠢᠭᠯᠠᠬᠤ 120 ᠪᠡᠯᠡᠳᠬᠡᠮᠵᠢ ᠶᠢ ᠪᠥᠲᠥᠭᠡᠨ ᠪᠠᠶᠢᠭᠤᠯᠪᠠ    — ︽ᠤᠰᠤ ᠵᠠᠰᠠᠬᠤ︾ ᠴᠢᠳᠠᠪᠤᠷᠢ ᠶᠢ ᠴᠢᠩᠭᠠᠷᠠᠭᠤᠯᠵᠤ᠂ ᠬᠠᠲᠤᠨ ᠭᠤᠤᠯ ᠤᠨ ᠬᠥᠪᠡᠭᠡᠨ ᠤ ᠬᠡᠰᠡᠭ ᠤᠨ ᠲᠣᠭᠲᠠᠭᠠᠯ ᠠᠴᠠ ᠵᠥᠷᠢᠴᠡᠭᠰᠡᠨ 10 ᠣᠩᠭᠤᠴᠠ ᠰᠠᠯ ᠢ ᠵᠠᠳᠠᠯᠤᠨ ᠴᠡᠪᠡᠷᠯᠡᠵᠦ᠂ ᠬᠠᠲᠤᠨ ᠭᠤᠤᠯ ᠤᠨ ᠭᠤᠤᠯ ᠤᠨ ᠲᠠᠩ ᠭᠠᠵᠠᠷ᠂ ᠰᠠᠯᠪᠤᠷᠢ ᠤᠷᠤᠰᠬᠠᠯ ᠤᠨ ᠭᠤᠤᠯ ᠤᠨ ᠵᠠᠮ ᠤᠨ ᠬᠤᠭ ᠨᠣᠪᠰᠢ ᠵᠢᠴᠢ ᠪᠥᠭᠯᠡᠷᠡᠯ ᠢ ᠴᠡᠪᠡᠷᠯᠡᠵᠦ ᠳᠠᠭᠤᠰᠬᠠᠪᠠ︔ ︽ᠲᠠᠯᠠᠪᠤᠷ ᠢ ᠵᠠᠰᠠᠬᠤ︾᠎ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ︽ᠤᠷᠢᠳᠠᠪᠠᠷ ᠲᠣᠭᠤᠰᠣ ᠶᠢ ᠵᠠᠰᠠᠵᠤ ᠨᠥᠬᠦᠨ ᠤᠶᠢᠯᠡᠤᠡᠪᠤᠷᠢᠯᠡᠬᠦ︾ ᠵᠠᠷᠴᠢᠮ ᠢ ᠪᠠᠷᠢᠮᠲᠠᠯᠠᠨ᠂ ᠨᠡᠭᠦᠷᠡᠰᠦ ᠶᠢ ᠤᠬᠢᠶᠠᠵᠤ ᠰᠢᠯᠢᠬᠦ ᠵᠢᠴᠢ ᠨᠡᠭᠦᠷᠡᠰᠦ ᠪᠠᠭ᠎ᠠ ᠳᠣᠭᠢᠷᠠᠭᠤᠯᠬᠤ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠬᠠᠤᠯᠢ ᠪᠤᠰᠤ ᠪᠠᠷ ᠨᠡᠭᠦᠷᠡᠰᠦ ᠳᠣᠭᠢᠷᠠᠭᠤᠯᠬᠤ ᠠᠵᠤ ᠠᠬᠤᠶᠢᠯᠠᠯ ᠢ ᠡᠷᠡᠰ ᠴᠠᠭᠠᠵᠠᠯᠠᠨ᠎ᠠ᠃     — ︽ᠲᠡᠷᠭᠡ ᠶᠢ ᠵᠠᠰᠠᠬᠤ︾᠂ ︽ᠵᠠᠮ ᠢ ᠵᠠᠰᠠᠬᠤ︾ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠠᠭᠤᠷᠬᠠᠶ ᠶᠢᠨ ᠣᠷᠣᠨ ᠤ ᠵᠠᠮ ᠢ 65 ᠬᠠᠷᠢᠭᠤᠴᠠᠯᠭᠠᠲᠤ ᠬᠡᠰᠡᠭ ᠲᠣᠭᠤᠷᠢᠭ ᠬᠤᠪᠢᠶᠠᠨ ᠲᠣᠤᠷᠵᠢᠭᠤᠯᠤᠨ ᠬᠠᠮᠢᠶᠠᠷᠴᠤ᠂ 22 ᠨᠡᠷᠡᠰ ᠲᠣᠤᠷᠵᠢᠭᠤᠯᠤᠨ ᠬᠤᠯᠪᠣᠭᠰᠠᠨ ᠤᠳᠤᠷᠢᠳᠬᠤ ᠺᠠᠳ᠋ᠷ ᠢ ᠲᠣᠳᠣᠷᠬᠠᠶᠢᠯᠠᠨ᠂ ᠬᠡᠰᠡᠭ ᠣᠷᠣᠨ ᠤ ᠳᠣᠲᠣᠷᠠᠬᠢ ᠠᠵᠤ ᠠᠬᠤᠶᠢᠯᠠᠯ ᠤᠨ ᠵᠠᠮ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 7500 ᠲᠦᠮᠡᠨ ᠲᠥᠭᠦᠷᠢᠭ ᠣᠷᠣᠭᠤᠯᠤᠨ ᠠᠭᠤᠷᠬᠠᠶ ᠶᠢᠨ ᠣᠷᠣᠨ ᠤ ᠵᠠᠮ ᠤᠨ ᠬᠤᠶᠠᠷ ᠬᠠᠵᠠᠭᠤ ᠶᠢᠨ ᠶᠡᠷᠦᠩᠬᠡᠶᠢᠯᠡᠭᠰᠡᠨ ᠴᠢᠨᠠᠷᠲᠠᠶ ᠪᠢᠲᠡᠭᠦᠮᠵᠢᠯᠡᠬᠦ ᠢᠨᠵᠧᠨᠧᠷᠢᠩ ᠢ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠲᠡᠷᠭᠡ ᠬᠥᠰᠬᠡ ᠶᠢ 230 ᠲᠡᠷᠭᠡ ᠤᠳᠠᠭ᠎ᠠ ᠬᠡᠲᠦᠷᠡᠭᠦᠯᠦᠨ ᠠᠴᠢᠶᠠᠯᠠᠵᠤ᠂ ᠪᠦᠲᠡᠭᠡᠭᠡᠳᠦᠶ ᠪᠦᠷᠬᠦᠭᠦᠯ ᠢ 24 ᠲᠡᠷᠭᠡ ᠤᠳᠠᠭ᠎ᠠ ᠰᠢᠳᠬᠡᠨ ᠲᠣᠷᠭᠠᠵᠤ᠂ 47 ᠲᠦᠮᠡ ᠭᠠᠷᠤᠶ ᠲᠥᠭᠦᠷᠢᠭ ᠤᠨ ᠵᠣᠭᠤᠰ ᠤᠨ ᠲᠤᠭ᠎ᠠ ᠪᠠᠷ ᠰᠢᠳᠬᠡᠪᠡ︔ ᠠᠭᠤᠷᠬᠠᠶ ᠶᠢᠨ ᠣᠷᠣᠨ ᠤ ᠵᠠᠮ ᠢ 5 .5 ᠺᠢᠯᠣᠮᠧᠲᠷ ᠰᠡᠯᠪᠢᠨ ᠵᠠᠰᠠᠬᠤ ᠶᠢ ᠪᠡᠶᠡᠯᠡᠭᠦᠯᠦᠭᠰᠡᠨ ᠵᠡᠷᠭᠡ ᠪᠣᠯᠤᠨ᠎ᠠ᠃     ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠣᠯ ᠨᠢᠭᠡ ᠤᠳᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠪᠦᠬᠦᠯᠢ ᠴᠣᠭᠴᠠ ᠶᠢᠨ ᠳᠠᠶᠢᠯᠠᠯᠳᠤᠭᠠᠨ ᠪᠣᠯᠤᠨ᠎ᠠ᠂ ᠬᠠᠶᠢᠷᠤᠪ ᠤᠨ  ᠲᠤᠬᠤᠢ ᠲᠤᠭᠤᠷᠢᠭ ᠤᠨ ᠬᠢᠨ ᠬᠦᠴᠦ ᠪᠠᠨ ᠰᠢᠪᠬᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦ ᠣᠷᠣᠨ ᠪᠦᠰᠡ ᠶᠢᠨ ᠬᠡᠪᠴᠢᠶᠡᠨ ᠳᠠᠬᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ︽ᠳᠤᠯᠤᠭ᠎ᠠ ᠶᠢ ᠵᠠᠰᠠᠬᠤ︾᠎ ᠪᠠᠷ ᠨᠢᠭᠡᠳᠦᠯᠲᠡᠢ ᠵᠢᠯᠤᠭᠤᠳᠤᠭᠤᠯᠵᠤ᠂ ︽ᠠᠭᠤᠷᠬᠠᠢ ᠶᠢᠨ ᠵᠠᠮ ᠤᠨ ᠲᠡᠷᠭᠡᠨ ᠲᠠᠯᠠᠪᠠᠢ︾᠎ ᠶᠢᠨ ᠬᠤᠯᠪᠣᠭᠠᠯᠠᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠤᠯᠪᠣᠭᠠᠯᠠᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠲᠣᠭᠤᠷᠢᠭ ᠤᠨ ᠳᠠᠷᠤᠭ᠎ᠠ ᠪᠠᠷ ᠬᠤᠣᠰ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠠᠮ ᠠᠷᠭ᠎ᠠ ᠪᠠᠷᠢᠯ ᠢ ᠬᠡᠷᠡᠭᠯᠡᠵᠦ᠂ ᠬᠦᠴᠦᠲᠡᠢ ᠠᠬᠢᠭᠤᠯᠤᠨ᠎ᠠ︔ 6000 ᠲᠦᠮᠡᠨ ᠲᠣᠨ ᠨᠡᠭᠦᠷᠡᠰᠦ ᠤᠬᠢᠶᠠᠬᠤ ᠤᠶᠢᠯᠡᠤᠡᠪᠤᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠᠷ ᠦᠨᠳᠦᠰᠦ ᠪᠣᠯᠭᠠᠨ᠂ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠪᠠᠷ ᠭᠠᠷᠳᠠᠴᠠ ᠪᠣᠯᠭᠠᠵᠤ᠂  ᠤᠶᠢᠯᠡᠤᠡᠪᠤᠷᠢᠯᠡᠬᠦ ᠴᠢᠳᠠᠪᠤᠷᠢ ᠦᠯᠡᠭᠦᠳᠡᠭᠰᠡᠨ᠂ ᠪᠣᠬᠢᠷᠲᠤᠯ ᠬᠦᠨᠳᠦ ᠨᠣᠴᠢᠲᠠᠶ᠂ ᠥᠷᠢᠰᠦᠯᠳᠦᠬᠦ ᠬᠦᠴᠦᠨ ᠢᠶᠠᠷ ᠳᠣᠤᠷ᠎ᠠ ᠪᠠᠶᠢᠭ᠎ᠠ ᠨᠡᠭᠦᠷᠡᠰᠦ ᠤᠬᠢᠶᠠᠬᠤ ᠠᠵᠢᠯ ᠲᠥᠷᠥᠯ ᠢ ᠰᠢᠭᠰᠢᠭᠳᠡᠭᠦᠯᠬᠦ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ︔ 2000 ᠲᠦᠮᠡᠨ ᠲᠣᠨ ᠨᠡᠭᠦᠷᠡᠰᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠶᠤᠨᠴᠢ ᠡᠳ᠋ᠰᠢᠭᠦᠯᠦᠯᠲᠡ ᠶᠢᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠵᠤ᠂ ᠰᠢᠭᠰᠢᠭᠳᠡᠭᠰᠡᠨ ᠨᠡᠭᠦᠷᠡᠰᠦ ᠤᠬᠢᠶᠠᠬᠤ ᠦᠢᠯᠡᠳᠪᠦᠷᠢᠯᠡᠯ ᠤᠨ ᠴᠢᠳᠠᠪᠤᠷᠢ ᠶᠢᠨ ᠬᠡᠮᠵᠢᠶ᠎ᠡ ᠶᠢ ᠪᠠᠭᠠᠰᠬᠠᠨ ᠰᠣᠯᠢᠵᠤ᠂ ᠪᠦᠬᠦ ᠤᠯᠤᠰ ᠤᠨ ᠲᠡᠷᠢᠭᠦᠨ ᠤ 3 ᠨᠡᠭᠦᠷᠡᠰᠦ ᠡᠳ᠋ᠰᠢᠭᠦᠯᠦᠯᠲᠡ ᠶᠢᠨ ᠬᠦᠷᠢᠶᠡᠯᠡᠩ ᠢ ᠪᠡᠯᠡ ᠣᠷᠣᠭᠤᠯᠤᠨ ᠪᠦᠳᠦᠭᠡᠨ ᠪᠠᠶᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠡᠭᠦᠷᠡᠰᠦ ᠤᠬᠢᠶᠠᠬᠤ ᠠᠵᠢᠯ ᠲᠦᠷᠦᠯ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠦᠨ᠎ᠡ︔ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠨ ᠶᠡᠭᠡ ᠠᠭᠤᠷᠬᠠᠢ ᠶᠢᠨ ᠡᠷᠬᠡ ᠶᠢ ᠨᠡᠶᠢᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠭᠦᠷᠡᠰᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠶᠤᠨᠴᠢ ᠡᠳ᠋ᠰᠢᠭᠦᠯᠦᠯᠲᠡ ᠶᠢᠨ ᠬᠦᠷᠢᠶᠡᠯᠡᠩ ᠲᠠᠢ ᠬᠠᠮᠵᠢᠯᠴᠠᠨ᠂ ᠨᠡᠭᠦᠷᠡᠰᠦ ᠮᠠᠯᠲᠠᠬᠤ ᠪᠦᠰᠡ ᠮᠠᠶ᠋ᠢᠭ ᠤᠨ ᠲᠡᠭᠡᠭᠡᠪᠦᠷᠢ ᠶᠢᠨ ᠰᠢᠰᠲ᠋ᠧᠮ ᠢ ᠵᠡᠷᠭᠡᠪᠡᠷ ᠪᠠᠶᠢᠭᠤᠯᠵᠤ᠂ ᠨᠡᠭᠦᠷᠡᠰᠦ ᠮᠠᠯᠲᠠᠬᠤ ᠳᠤ ᠨᠡᠭᠦᠷᠡᠰᠦ ᠶᠢ ᠢᠯᠡ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ︔ ᠺᠠᠪᠦ᠋ᠴᠢ ᠣᠷᠴᠢᠮ ᠤᠨ ᠬᠠᠶᠠᠭᠳᠠᠮᠠᠯ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠬᠦ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠴᠡᠪᠡᠷ ᠴᠠᠬᠢᠯᠭᠠᠨ ᠬᠥᠳᠡᠯᠭᠡᠭᠦᠷᠲᠦ ᠬᠦᠨᠳᠦ ᠺᠠᠷᠲ ᠢᠶᠠᠷ ᠴᠠᠬᠢᠯᠭᠠᠨ ᠡᠨᠧᠷᠭᠢ ᠬᠠᠳᠠᠭᠠᠯᠠᠬᠤ ᠲᠥᠬᠦᠭᠡᠷᠦᠮᠵᠢ ᠪᠣᠯᠭᠠᠨ ᠪᠥᠲᠥᠭᠡᠨ ᠪᠠᠶᠢᠭᠤᠯᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠭᠡᠳᠡᠷᠭᠦ ᠰᠢᠬᠠᠬᠤ ᠴᠠᠶᠢᠶ᠋ᠢᠦ ᠲᠣᠰᠣᠨ ᠤ ᠬᠦᠨᠳᠦ ᠺᠠᠷᠲ ᠢᠶᠠᠷ ᠰᠢᠨ᠎ᠡ ᠡᠨᠧᠷᠭᠢ ᠶᠢᠨ ᠬᠦᠨᠳᠦ ᠺᠠᠷᠲ ᠪᠠ ︽ᠲᠠᠷᠠᠬᠠᠶ ᠪᠤᠲᠠᠷᠬᠠᠶ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾᠎ ᠶᠢ ᠣᠷᠣᠯᠠᠭᠤᠯᠵᠤ᠂ ᠰᠠᠯᠬᠢ ᠭᠡᠷᠡᠯ ᠢᠶᠠᠷ ᠨᠣᠭᠤᠭᠠᠨ ᠴᠠᠬᠢᠯᠭᠠᠨ ᠭᠠᠷᠭᠠᠬᠤ᠂ ᠡᠨᠧᠷᠭᠢ ᠬᠠᠳᠠᠭᠠᠯᠠᠵᠤ ᠴᠠᠬᠢᠯᠭᠠᠨ ᠰᠣᠯᠢᠬᠤ᠂ ᠰᠢᠨ᠎ᠡ ᠡᠨᠧᠷᠭᠢ ᠶᠢᠨ ᠬᠦᠨᠳᠦ ᠺᠠᠷᠲ ᠢᠶᠠᠷ ᠣᠷᠣᠯᠠᠭᠤᠯᠬᠤ ᠶᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号