ᠬᠠᠶᠢᠷᠤᠪ ᠤᠨ ᠲᠤᠬᠤᠢ ᠲᠤᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/26
      5 ᠰᠠᠷ᠎ᠠ ᠶᠢᠨ 23᠎ ᠤ ᠡᠳᠦᠷ᠂ 2022 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ᠃       ᠬᠤᠷᠠᠯ ᠠᠴᠠ ᠰᠦᠨ ᠬᠤᠤ ᠱᠦᠵᠢ ᠶᠢᠨ ᠴᠣᠬᠤᠯᠠᠪᠤᠷᠢ ᠰᠠᠨᠠᠯ᠂ ᠪᠦᠬᠦ ᠤᠯᠤᠰ ᠤᠨ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ᠂ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ᠂ ᠬᠠᠢ ᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠦᠷᠦᠯ ᠤᠨ ᠨᠠᠮ ᠤᠨ ᠠᠵᠢᠯ ᠤᠨ ᠬᠤᠷᠢᠶ᠎ᠠ᠂ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ 
20220526100657367001.jpg
20220526100658439002.jpg
     ᠬᠤᠷᠠᠯ ᠠᠴᠠ ᠱᠠᠭᠠᠷᠳᠠᠭᠰᠠᠨ ᠨᠢ᠂ ᠬᠠᠶᠢᠷᠤᠪ ᠤᠨ ᠲᠤᠬᠤᠢ ᠲᠤᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠤ ︽ᠤᠯᠤᠰ ᠲᠥᠷᠥ ᠶᠢᠨ ᠤᠳᠤᠷᠢᠳᠬᠤ ᠬᠦᠴᠦᠨ ᠤ ᠳᠡᠭᠡᠭᠰᠢᠯᠡᠯᠲᠡ︾᠎ ᠶᠢ ᠠᠬᠢᠭᠤᠯᠵᠤ᠂ ᠨᠠᠮᠴᠢ ᠴᠢᠨᠠᠷ ᠤᠨ ᠬᠥᠮᠦᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠤᠳᠤᠷᠢᠳᠬᠤ ᠺᠠᠳ᠋ᠷᠴᠤᠳ ᠤᠨ ᠲᠤᠰᠬᠠᠶᠢᠵᠢᠭᠰᠠᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠠᠭᠤᠷᠢ ᠬᠠᠪᠲᠠᠰᠤ ᠶᠢ ᠪᠠᠬᠢᠵᠢᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠲᠤᠰᠬᠠᠶᠢᠵᠢᠭᠰᠠᠨ ᠮᠡᠳᠡᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠠᠳᠬᠤᠵᠤ᠂  ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠤᠭᠠᠴᠠᠯ ᠤᠨ ᠦᠢᠯᠡᠰ ᠢ ᠬᠥᠭᠵᠢᠭᠦᠯᠬᠦ᠂ ᠬᠤᠳᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠯᠭᠡ ᠶᠢᠨ ᠪᠠᠭᠤᠷᠠᠢ ᠵᠦᠢᠯ᠂ ᠴᠢᠳᠠᠪᠤᠷᠢ ᠶᠢᠨ ᠳᠤᠲᠠᠭᠤᠳᠠᠯ᠂ ᠲᠤᠷᠰᠢᠯᠭ᠎ᠠ ᠶᠢᠨ ᠪᠠᠯᠠᠢ ᠣᠷᠣᠨ ᠢ ᠨᠥᠬᠦᠪᠥᠷᠢᠯᠡᠵᠦ᠂ ᠺᠠᠳ᠋ᠷᠴᠤᠳ ᠢ ᠤᠴᠢᠷ ᠶᠠᠪᠤᠳᠠᠯ ᠢ ᠪᠦᠲᠦᠭᠡᠬᠦ ᠵᠢᠩᠬᠢᠨᠢ ᠴᠢᠳᠠᠪᠤᠷᠢ ᠲᠠᠢ ᠪᠣᠯᠭᠠᠨ᠎ᠠ︔ ᠤᠯᠤᠰ ᠲᠥᠷᠥ ᠶᠢᠨ ᠪᠠᠷᠢᠮᠵᠢᠶ᠎ᠠ ᠶᠢ ᠴᠢᠩᠭᠠᠳᠬᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠺᠠᠳ᠋ᠷ ᠤᠨ ᠲᠠᠶᠢᠴᠢᠨ ᠬᠦᠴᠦᠨ ᠤ ᠳᠡᠭᠡᠭᠰᠢᠯᠡᠯᠲᠡ︾᠎ ᠶᠢ ᠠᠬᠢᠭᠤᠯᠬᠤ ᠳᠤ᠂ ᠰᠢᠯᠭᠠᠨ ᠦᠨᠡᠯᠡᠬᠦ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠤᠪᠤᠶᠢᠯᠭᠠᠵᠦ᠂ ᠤᠨᠢᠨ ᠳᠡᠭᠡᠷ᠎ᠡ ᠨᠢ ᠬᠥᠮᠦᠨ ᠢ ᠲᠠᠨᠢᠬᠤ᠂ ᠨᠠᠷᠢᠨ ᠨᠢᠮᠪᠠᠢ ᠬᠥᠮᠦᠵᠢᠭᠦᠯᠬᠦ᠂ ᠨᠠᠷᠢᠯᠢᠭ ᠬᠠᠮᠢᠶᠠᠷᠬᠤ ᠳᠡᠭᠡᠷ᠎ᠡ ᠬᠦᠴᠦ ᠲᠠᠯᠪᠢᠵᠤ᠂ ᠤᠯᠤᠰ ᠲᠦᠷᠦ ᠶᠢᠨ ᠪᠠᠷᠢᠮᠵᠢᠶ᠎ᠠ ᠪᠠᠷ ᠺᠠᠳ᠋ᠷ ᠢ ᠢᠯᠭᠠᠨ ᠳᠤᠳᠤᠯᠠᠬᠤ ᠶᠢ ᠲᠤᠪᠤᠶᠢᠯᠭᠠᠵᠦ᠂ ᠠᠵᠢᠯᠳᠠᠨ ᠤ ᠶᠠᠪᠤᠳᠠᠯ ᠤᠨ ᠲᠤᠬᠢᠷᠠᠯᠴᠠᠭ᠎ᠠ ᠲᠠᠢ ᠪᠠᠷ ᠺᠠᠳ᠋ᠷ ᠢ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ ᠺᠠᠳ᠋ᠷ ᠢ ᠣᠨᠣᠪᠴᠢᠲᠠᠢ ᠰᠢᠯᠭᠠᠵᠤ᠂ ᠠᠯᠤᠰ ᠬᠡᠳᠤ ᠶᠢᠨ ᠬᠥᠭᠵᠢᠯᠲᠡ ᠳᠤ ᠰᠠᠭᠤᠷᠢᠯᠠᠨ ᠺᠠᠳ᠋ᠷ ᠢ ᠬᠥᠮᠦᠵᠢᠭᠦᠯᠵᠦ᠂ ᠺᠠᠳ᠋ᠷ ᠤᠨ ᠡᠳᠦᠷ ᠳᠤᠳᠤᠮ ᠤᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ ᠶᠡᠭᠡ ᠬᠦᠴᠦᠨ ᠢᠶᠠᠷ ᠢᠯᠡᠷᠡᠭᠦᠯᠦᠨ ᠨᠥᠭᠡᠴᠡᠯᠡᠵᠦ᠂ ᠵᠠᠯᠠᠭᠤ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠭ᠎ᠠ ᠵᠠᠮ ᠢ ᠥᠷᠭᠡᠳᠬᠡᠬᠦ᠂ ᠰᠢᠯᠢᠳᠡᠭ ᠢ ᠨᠢ ᠰᠣᠩᠭᠤᠨ ᠪᠤᠶᠢᠵᠢᠭᠤᠯᠬᠤ᠂ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠬᠦᠴᠦ ᠲᠠᠯᠪᠢᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠴᠢᠩᠭᠠᠳᠬᠠᠵᠤ᠂ ᠰᠢᠯᠢᠳᠡᠭ ᠰᠠᠶᠢᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠬᠠᠮᠢᠶᠠᠷᠤᠯᠲᠠ ᠬᠢᠨᠠᠯᠲᠠ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠬᠠᠯᠠᠮᠵᠢᠯᠠᠨ ᠬᠠᠶᠢᠷᠠᠯᠠᠵᠤ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠺᠠᠳ᠋ᠷ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠰᠢᠨ᠎ᠡ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠯᠪᠠᠳᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢ ᠵᠢᠷᠤᠮᠵᠢᠭᠤᠯᠬᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠠᠶᠢᠭᠤᠯᠤᠯᠲᠠ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ  ᠭᠡᠵᠠᠢ᠃     ᠬᠤᠷᠠᠯ ᠠᠴᠠ᠂ ᠤᠯᠤᠰ ᠲᠦᠷᠦ ᠶᠢᠨ ᠴᠢᠳᠠᠪᠬᠢ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ︾᠎ ᠶᠢ ᠠᠬᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠤᠯᠤᠰ ᠲᠦᠷᠦ ᠶᠢᠨ ᠴᠢᠳᠠᠪᠬᠢ ᠶᠢ ᠴᠢᠩᠭᠠᠳᠬᠠᠵᠤ᠂ ᠦᠢᠯᠡᠴᠢᠯᠡᠭᠡᠨ ᠤ ᠲᠦᠷᠦᠯ ᠵᠦᠢᠯ ᠢ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠢᠳᠠᠪᠤᠷᠢᠲᠠᠨ ᠤ ᠲᠥᠪᠯᠡᠩᠭᠦᠢ ᠬᠦᠴᠦᠨ ᠢ ᠳᠡᠭᠡᠭᠰᠢᠯᠡᠭᠦᠯᠬᠦ︾᠎ ᠶᠢ ᠠᠬᠢᠭᠤᠯᠵᠤ᠂ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠣᠯᠤᠨ ᠬᠥᠮᠦᠨ ᠬᠡᠷᠡᠭᠯᠡᠬᠦ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠴᠢᠭᠯᠡᠯ ᠢ ᠴᠢᠩᠭ᠎ᠠ ᠡᠵᠡᠮᠳᠡᠵᠦ᠂ ᠤᠶᠠᠨ ᠴᠢᠨᠠᠷᠲᠠᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠤᠨᠢᠨ ᠳᠡᠭᠡᠷ᠎ᠡ ᠨᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠠᠨᠳᠤᠯᠭ᠎ᠠ ᠲᠠᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠬᠡᠷᠡᠭᠵᠢᠭᠦᠯᠬᠦ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠵᠤ᠂ ᠴᠢᠳᠠᠪᠤᠷᠢᠲᠠᠨ ᠤ ᠠᠵᠢᠯ ᠤᠨ ᠲᠤᠰᠬᠠᠢ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠦᠷᠢᠨ ᠲᠡᠭᠦᠯᠳᠡᠷ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠰᠢᠯᠢᠳᠡᠭ ᠴᠢᠳᠠᠪᠤᠷᠢᠲᠠᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠥᠬᠦᠴᠡᠯ ᠪᠦᠷᠢᠳᠦᠭᠰᠡᠨ ᠴᠢᠳᠠᠪᠤᠷᠢᠲᠠᠨ ᠤ ᠪᠦᠯᠬᠦᠮ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠡᠯ᠎ᠡ ᠲᠦᠷᠦᠯ ᠤᠨ ᠴᠢᠳᠠᠪᠤᠷᠢᠲᠠᠨ ᠤ ᠲᠦᠷᠦᠯ ᠵᠦᠢᠯ ᠤᠨ ᠮᠡᠳᠡᠭᠦᠯᠦᠯᠲᠡ ᠳᠤ ᠣᠷᠣᠯᠴᠠᠭᠤᠯᠵᠤ᠂ ᠨᠡᠩ ᠤᠯᠠᠨ ᠪᠣᠳᠠᠰ ᠤᠨ ᠪᠠ ᠪᠡᠯᠡ ᠮᠥᠩᠭᠦ ᠶᠢᠨ ᠳᠡᠮᠵᠢᠯᠭᠡ ᠶᠢ ᠤᠯᠬᠤ ᠬᠡᠷᠡᠭᠲᠡᠢ︔ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠯᠠᠭ᠎ᠠ ᠮᠥᠴᠢᠷ ᠤᠨ ᠨᠢᠭᠲᠠᠷᠠᠯ ᠤᠨ ᠬᠦᠴᠦᠨ ᠤ ᠳᠡᠭᠡᠭᠰᠢᠯᠡᠯᠲᠡ︾᠎ ᠶᠢ ᠠᠬᠢᠭᠤᠯᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠲᠤᠰᠬᠠᠢ ᠮᠡᠷᠭᠡᠵᠢᠯ ᠤᠨ ᠴᠢᠳᠠᠪᠤᠷᠢ ᠶᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠠᠵᠢᠯ ᠤᠨ ᠰᠡᠳᠬᠢᠬᠦᠢ ᠶᠢ ᠬᠥᠮᠦᠵᠢᠭᠦᠯᠵᠦ᠂ ᠵᠣᠷᠢᠭᠲᠠᠢ ᠪᠠᠷ ᠵᠠᠷᠴᠢᠮ ᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠭᠤᠣᠯᠴᠢ ᠦᠭᠡ ᠬᠡᠯᠡᠵᠦ᠂ ᠠᠵᠢᠯ ᠶᠠᠪᠤᠳᠠᠯ ᠬᠢᠬᠦ ᠬᠡᠷᠡᠭᠲᠡᠢ᠃ ᠵᠣᠷᠢᠭᠲᠠᠢ ᠪᠠᠷ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠵᠢᠯ ᠢᠶᠠᠨ ᠥᠷᠨᠢᠭᠦᠯᠬᠦ ᠶᠢᠨ ᠭᠤᠣᠯ ᠠᠷᠭ᠎ᠠ ᠬᠡᠯᠪᠡᠷᠢ ᠪᠣᠯᠭᠠᠬᠤ ᠶᠢ ᠪᠠᠷᠢᠮᠲᠠᠯᠠᠵᠤ᠂ ᠶᠠᠭᠠᠷᠠᠯᠲᠠᠢ ᠠᠵᠢᠯ ᠤᠨ ᠳᠤᠮᠳᠠ ᠯᠠᠪᠳᠠᠭᠤᠨ ᠪᠠᠲᠤᠲᠠᠢ ᠠᠵᠢᠯᠯᠠᠵᠤ᠂ ᠲᠡᠮᠡᠴᠡᠯ ᠤᠨ ᠳᠤᠮᠳᠠ ᠦᠰᠦᠨ ᠪᠤᠶᠢᠵᠢᠬᠤ ᠶᠢ ᠪᠡᠶᠡᠯᠡᠭᠦᠯᠬᠦ ᠬᠡᠷᠡᠭᠲᠡᠢ ᠭᠡᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号