ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠪᠥᠵᠢᠭ ᠤᠨ ᠲᠦᠷᠦᠯ ᠤᠨ ᠪᠣᠯᠪᠠᠰᠤᠷᠠᠯ ᠤᠨ ᠪᠠᠶᠢᠭᠤᠯᠤᠮᠵᠢ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ  ᠪᠦᠯᠢ ᠎ ᠶᠢᠨ ᠮᠡᠳᠤ︾ ᠭᠡᠬᠦ ᠰᠡᠳᠤᠪᠲᠤ ᠠᠭᠤᠳᠠᠮ ᠲᠠᠯᠠᠪᠠᠢ ᠶᠢᠨ ᠰᠣᠶᠣᠯ ᠤᠨ ᠠᠵᠢᠯᠯᠠᠭ᠎ᠠ ᠶᠢᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/27
   ᠥᠷᠭᠡᠨ ᠤᠯᠠᠨ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠤᠯᠠᠨ ᠲᠦᠮᠡᠨ ᠤ ᠬᠠᠨᠤᠮᠵᠢᠲᠠᠢ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ  ᠳᠡᠭᠡᠭᠰᠢᠯᠡᠭᠦᠯᠬᠦ ᠶᠢᠨ ᠲᠦᠯᠤᠭᠡ᠂ 5 ᠰᠠᠷ᠎ᠠ ᠶᠢᠨ 26᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ 26 ᠪᠥᠵᠢᠭ ᠤᠨ ᠲᠦᠷᠦᠯ ᠤᠨ ᠪᠣᠯᠪᠠᠰᠤᠷᠠᠯ ᠤᠨ ᠪᠠᠶᠢᠭᠤᠯᠤᠮᠵᠢ ᠢ ᠵᠣᠬᠢᠶᠠᠨ ᠪᠠᠶᠢᠭᠤᠯᠵᠤ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ  ᠪᠦᠯᠢ ᠶᠢᠨ ᠮᠡᠳᠤ︾ ᠭᠡᠬᠦ ᠰᠡᠳᠤᠪᠲᠤ ᠠᠭᠤᠳᠠᠮ ᠲᠠᠯᠠᠪᠠᠢ ᠶᠢᠨ ᠰᠣᠶᠣᠯ ᠤᠨ ᠠᠵᠢᠯᠯᠠᠭ᠎ᠠ ᠶᠢᠨ ᠰᠣᠯᠢᠯᠴᠠᠭᠠᠨ ᠤ ᠬᠤᠷᠠᠯ ᠢ ᠬᠤᠷᠠᠯᠳᠤᠭᠤᠯᠪᠠ᠃
1653613841072016914.png   
         ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠵᠢᠩ ᠡᠯ᠎ᠡ ᠪᠣᠯᠪᠠᠰᠤᠷᠠᠯ ᠤᠨ ᠪᠠᠶᠢᠭᠤᠯᠤᠮᠵᠢ ᠠᠴᠠ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠬᠤᠳᠠ ᠶᠢᠨ ᠠᠷᠠᠳ ᠲᠤ ᠪᠥᠵᠢᠭ ᠤᠨ ᠪᠣᠯᠪᠠᠰᠤᠷᠠᠯ ᠬᠠᠩᠭᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠲᠠᠢ ᠭᠦᠨᠵᠡᠭᠡᠢ ᠰᠠᠨᠠᠯ ᠪᠠᠨ ᠰᠤᠯᠢᠯᠴᠠᠪᠠ᠃ ᠲᠣᠪᠴᠢᠶᠠᠨ ᠳᠠᠷᠤᠭ᠎ᠠ ᠬᠤᠸᠠᠩ ᠵᠢᠩ ᠴᠢᠬᠤᠯᠠᠴᠢᠯᠠᠬᠤ ᠳᠠᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠠᠵᠢᠯᠯᠠᠭᠠᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ  ᠪᠦᠯᠢ ᠶᠢᠨ ᠮᠡᠳᠤ︾ ᠭᠡᠬᠦ ᠪᠠᠷ ᠭᠤᠤᠯ ᠰᠡᠳᠦᠪ ᠪᠣᠯᠭᠠᠵᠤ᠂ ᠡᠳᠦᠷ ᠪᠦᠷᠢ ᠶᠢᠨ ᠣᠷᠣᠶ ᠶᠢᠨ 7᠄ 00 — 9᠄ 00 ᠴᠠᠭ ᠢ ᠠᠰᠢᠭᠯᠠᠨ ᠥᠷᠭᠡᠨ ᠣᠯᠠᠨ ᠬᠤᠲᠠ ᠶᠢᠨ ᠠᠷᠠᠳ ᠲᠤ ᠲᠤᠰᠬᠠᠶ ᠮᠡᠷᠭᠡᠵᠢᠯ ᠤᠨ ᠪᠥᠵᠢᠭ ᠤᠨ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠬᠠᠩᠭᠠᠬᠤ ᠬᠡᠷᠡᠭᠲᠡᠶ ᠭᠡᠵᠡᠶ᠃    ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠲᠣᠰ ᠠᠵᠢᠯᠯᠠᠭ᠎ᠠ ᠶᠢᠨ ᠥᠷᠨᠢᠯᠲᠡ ᠶᠢ ᠶᠡᠭᠡ ᠪᠠᠷ ᠳᠡᠮᠵᠢᠬᠦ ᠶᠢᠨ ᠬᠠᠮᠲᠤ ᠥᠷᠭᠡᠨ ᠣᠯᠠᠨ ᠬᠤᠲᠠ ᠶᠢᠨ ᠠᠷᠠᠳ ᠤᠨ ᠰᠣᠶᠣᠯ ᠤᠨ ᠠᠮᠢᠳᠤᠷᠠᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯ ᠪᠣᠯᠪᠠᠰᠤᠷᠠᠭᠤᠯᠤᠯ ᠤᠨ ᠪᠠᠶᠢᠭᠤᠯᠤᠮᠵᠢ ᠨᠢᠭᠡᠪᠦᠷᠢ ᠶᠢᠨ ᠡᠭᠦᠷᠭᠡ ᠪᠠ ᠢᠷᠠᠭᠤ ᠠᠯᠳᠠᠷ ᠮᠥᠨ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠦ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号