ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/5/28
      ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠮᠠᠨ ᠤ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠪᠠᠶᠢᠳᠠᠯ ᠢ ᠲᠣᠳᠣᠷᠬᠠᠢ ᠲᠠᠨᠢᠵᠤ᠂ ᠠᠰᠠᠭᠤᠳᠠᠯ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠢ ᠤᠭᠳᠤᠶ᠎ᠠ᠃      ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠪᠠᠷᠢᠮᠲᠠᠯᠠᠪᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠠᠴᠠ ᠭᠠᠷᠳᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠠᠴᠠ ᠪᠣᠳᠣᠯᠬᠢᠯᠠᠨ᠂ ᠠᠵᠤ ᠠᠬᠤᠶᠢᠯᠠᠯ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠪᠠᠷ ᠦᠨᠳᠦᠰᠦᠨ ᠵᠢᠷᠤᠮᠯᠠᠯ ᠪᠣᠯᠭᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠪᠠ ᠦᠢᠯᠡᠴᠢᠯᠡᠭᠡᠨ ᠤ ᠴᠣᠩᠬᠤ ᠶᠢ ᠴᠢᠩᠭ᠎ᠠ ᠠᠩᠬᠠᠷᠴᠤ᠂  ᠦᠨᠳᠦᠰᠦᠨ ᠱᠠᠲᠤᠨ ᠤ ︽ᠪᠢᠴᠢᠯ ᠢᠯᠵᠠᠷᠠᠯ︾᠎ ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠦᠢᠯᠡᠳᠪᠦᠷᠢᠯᠡᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃     ᠬᠠᠶᠢᠷᠤᠪ ᠤᠨ ᠲᠤᠬᠤᠢ ᠲᠣᠭᠤᠷᠢᠭ ᠲᠤ ︽ᠨᠢᠭᠡ ᠰᠦᠯᠵᠢᠶ᠎ᠡ ᠪᠠᠷ ᠪᠦᠬᠦᠨ ᠢ ᠡᠷᠬᠢᠯᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠡᠭᠦᠷᠭᠡ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ  ᠵᠤᠶᠢᠯᠡᠰ ᠢ ᠵᠢᠷᠤᠮᠵᠢᠭᠤᠯᠤᠨ ᠡᠮᠬᠢᠯᠡᠵᠦ᠂ ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠵᠦ᠂ ᠵᠠᠰᠠᠭ ᠤᠨ ᠶᠠᠪᠤᠳᠠᠯ ᠤᠨ ᠲᠠᠪᠴᠠᠩ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ︽ᠮᠡᠳᠡᠭᠡ ᠵᠠᠩᠭᠢ ᠶᠢᠨ ᠥᠨᠥᠴᠢᠨ ᠠᠷᠠᠯ︾᠎ ᠢ ᠲᠦᠢᠯᠪᠤᠷᠢᠲᠠᠶ ᠡᠪᠳᠡᠵᠦ᠂ ᠲᠤᠭ᠎ᠠ ᠪᠠᠷᠢᠮᠲᠠ ᠶᠢ ︽ᠨᠢᠭᠡ ᠰᠦᠯᠵᠢᠶ᠎ᠡ ᠪᠠᠷ ᠨᠡᠶᠢᠳᠡᠮ ᠬᠡᠷᠡᠭᠯᠡᠬᠦ︾᠎ ᠶᠢ ᠲᠦᠷᠭᠡᠳᠬᠡᠨ ᠪᠡᠶᠡᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠤᠡ ᠬᠡᠷᠡᠭᠯᠡᠨ ᠵᠠᠰᠠᠯᠲᠠ ᠶᠢᠨ ᠵᠠᠭᠪᠤᠷ ᠪᠠ ᠤᠶᠢᠯᠡᠴᠢᠯᠡᠭᠡᠨ ᠤ ᠠᠷᠭ᠎ᠠ ᠮᠠᠶ᠋ᠢᠭ ᠤᠨ ᠬᠤᠪᠢᠰᠤᠯᠲᠠ ᠶᠢ ᠳᠥᠯᠭᠢᠨ ᠠᠬᠢᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ ᠡᠭᠦᠨ ᠤ ᠵᠡᠷᠭᠡᠪᠡᠷ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠲᠦᠷᠦᠯ ᠵᠦᠢᠯ ᠢ ᠤᠷᠢᠳᠠᠪᠠᠷ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠴᠢᠩᠭᠠᠳᠬᠠᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ︽ᠨᠢᠭᠡ  ᠰᠦᠯᠵᠢᠶ᠎ᠡ ᠪᠠᠷ ᠪᠦᠬᠦᠨ ᠢ ᠡᠷᠬᠢᠯᠡᠬᠦ︾᠎ ᠶᠢ ᠲᠦᠷᠭᠡᠨ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠳᠤ ᠲᠦᠬᠦᠮ ᠦᠵᠡᠭᠦᠯᠬᠦ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠪᠡ︔ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ  ᠰᠢᠢᠤᠡᠪᠤᠷᠢᠯᠡᠬᠦ︾᠂ ︽ᠨᠢᠭᠡ ᠦᠨᠡᠮᠯᠡᠯ ᠢᠶᠠᠷ ᠨᠡᠶᠢᠳᠡᠮ ᠰᠢᠢᠤᠡᠪᠤᠷᠢᠯᠡᠬᠦ︾᠎ ᠶᠢ ᠬᠡᠷᠡᠭᠵᠢᠭᠦᠯᠬᠦ ᠪᠠᠷ ᠭᠤᠣᠯ ᠰᠢᠵᠢᠮ ᠪᠣᠯᠭᠠᠵᠤ᠂ ᠮᠡᠷᠭᠡᠵᠢᠯ ᠤᠨ ᠬᠤᠪᠢᠰᠤᠯᠲᠠ᠂ ᠲᠤᠬᠠᠶᠢᠯᠠᠭᠰᠠᠨ ᠠᠵᠢᠯ ᠤᠨ ᠬᠤᠪᠢᠰᠤᠯᠲᠠ᠂ ᠦᠢᠯᠡᠴᠢᠯᠡᠭᠡᠨ ᠤ ᠬᠤᠪᠢᠰᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ᠂ ᠴᠢᠨᠠᠷ ᠰᠠᠶᠢᠲᠠᠶ ᠨᠡᠶᠢᠳᠡᠮ ᠠᠰᠢᠭ ᠬᠦᠷᠲᠡᠭᠡᠬᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ  ᠲᠡᠭᠦᠯᠳᠡᠷᠵᠢᠭᠦᠯᠤᠨ᠎ᠡ᠃     ᠬᠠᠶᠢᠷᠤᠪ ᠤᠨ ᠳᠤᠬᠤᠢ ᠲᠣᠭᠤᠷᠢᠭ ᠤᠨ ᠬᠢᠨ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠳᠦᠷᠢᠮ ᠪᠣᠯᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠴᠤᠬᠴᠠᠵᠢᠭᠤᠯᠤᠬᠰᠠᠨ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ︽ᠨᠢᠭᠡ ᠲᠣᠣᠷ ᠢᠶᠠᠷ ᠨᠢᠭᠡᠳᠦᠯᠲᠡᠢ ᠬᠠᠮᠢᠶᠠᠷᠬᠤ︾ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ︽ᠣᠶᠤᠨᠴᠢ ᠬᠢᠨᠠᠯᠲᠠ ᠬᠠᠮᠢᠶᠠᠷᠤᠯᠲᠠ︾᠎ ᠶᠢᠨ ᠲᠦᠪᠰᠢᠨ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠦᠬᠦ ᠶᠠᠪᠤᠴᠠ ᠳᠤ ᠰᠦᠯᠵᠢᠶᠡᠨ ᠳᠡᠭᠡᠷᠡᠬᠢ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ︔ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠪᠤᠶ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠷᠠᠭᠤᠯᠬᠤ ᠲᠤᠰᠬᠠᠶ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ᠂ ᠲᠤᠮᠤ ᠳ᠋ᠠᠶᠢᠲ᠋ᠠ ᠶᠢᠨ ᠮᠡᠷᠭᠡᠵᠢᠯ ᠢ ᠭᠦᠢᠴᠡᠳ ᠬᠡᠷᠡᠭᠯᠡᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠰᠢᠨᠡᠴᠢᠯᠡᠵᠦ᠂ ᠬᠡᠷᠡᠭ  ᠰᠢᠢᠤᠡᠪᠤᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ ᠵᠢᠱᠢᠯᠲᠡ ᠶᠢ ᠴᠢᠷᠮᠠᠶᠢᠨ ᠪᠤᠢ ᠪᠣᠯᠭᠠᠵᠤ᠂ ᠠᠵᠤ ᠠᠬᠤᠶᠢᠯᠠᠯᠲᠠᠨ ᠢ ᠦᠨᠡᠨ ᠬᠦ ᠰᠡᠳᠬᠢᠯ ᠠᠮᠤᠷ ᠠᠳᠠᠯ ᠦᠢᠯᠡᠰ ᠴᠣᠭᠴᠠᠯᠠᠬᠤ᠂ ᠰᠡᠳᠬᠢᠯ ᠠᠮᠤᠷ ᠡᠵᠡᠩᠨᠡᠬᠦ᠂ ᠰᠡᠳᠬᠢᠯ ᠲᠠᠯᠪᠢᠨ ᠬᠥᠭᠵᠢᠭᠦᠯᠬᠦ ᠶᠢ ᠪᠠᠲᠤᠯᠠᠨ᠎ᠠ᠃     ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠣᠭᠤᠷᠢᠨ ᠳᠤ ᠥᠨᠳᠥᠷ ᠶᠠᠰᠤ ᠴᠢᠨᠠᠷ ᠲᠠᠢ ᠬᠥᠭᠵᠢᠯᠲᠡ᠂ ᠥᠨᠳᠥᠷ ᠶᠠᠰᠤ ᠴᠢᠨᠠᠷ ᠲᠠᠢ ᠠᠮᠢᠳᠤᠷᠠᠯ᠂ ᠥᠨᠳᠥᠷ ᠦᠷ᠎ᠡ ᠪᠦᠲᠦᠮᠵᠢ ᠲᠠᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠬᠤᠳᠠᠯᠳᠤᠭ᠎ᠠ ᠡᠵᠡᠩᠨᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠮᠦᠨ᠎ᠡ᠂ ᠳᠤᠮᠳᠠ᠂ ᠠᠷᠤ ᠲᠠᠯ᠎ᠠ ᠶᠢᠨ ᠦᠢᠯᠡᠴᠢᠯᠡᠭᠡᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠴᠣᠩᠬᠤᠨ ᠤ ᠦᠢᠯᠡᠴᠢᠯᠡᠭᠡ ᠶᠢ ᠲᠠᠰᠤᠷᠠᠯᠲᠠ ᠦᠭᠡᠶ ᠰᠢᠯᠢᠳᠡᠭᠵᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠬᠡᠷᠡᠭᠯᠡᠭᠡ ᠶᠢ ᠥᠷᠭᠡᠳᠬᠡᠬᠦ᠂ ᠰᠦᠯᠵᠢᠶᠡᠨ ᠳᠠᠬᠢ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ᠤᠶᠢᠯᠡᠴᠢᠯᠡᠭᠡᠨ ᠤ ᠬᠢᠷᠢ ᠲᠦᠪᠰᠢᠨ᠂ ᠤᠶᠢᠯᠡᠴᠢᠯᠡᠭᠡᠨ ᠤ ᠦᠷ᠎ᠡ ᠪᠦᠲᠦᠮᠵᠢ ᠶᠢ ᠠᠮᠢᠨ ᠰᠤᠳᠠᠰᠤ ᠪᠣᠯᠭᠠᠨ᠂ ᠤᠶᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠪᠥᠬᠦ ᠬᠦᠴᠦᠨ ᠢᠶᠠᠷ ᠢᠶᠠᠨ ︽ᠨᠡᠮᠡᠬᠦ ᠠᠷᠭ᠎ᠠ︾ ᠬᠢᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠴᠢᠩᠭ᠎ᠠ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠵᠢᠷᠤᠮᠵᠢᠭᠰᠠᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ  ᠤᠶᠢᠯᠡᠴᠢᠯᠡᠭᠡ ᠬᠠᠩᠭᠠᠨ᠎ᠠ᠃     ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠬᠤᠶᠢᠰᠢᠳᠠ ᠶᠢᠨ ᠠᠵᠢᠯ ᠳᠤᠮᠳᠠ ᠪᠠᠨ ︽ᠰᠦᠯᠵᠢᠶᠡᠨ ᠳᠡᠭᠡᠷ᠎ᠡ ᠭᠦᠢᠴᠡᠤᠡᠭᠡᠬᠦ ᠨᠢ ᠬᠡᠪ ᠤᠨ ᠪᠠᠶᠢᠳᠠᠯ ᠪᠤᠯᠵᠤ᠂ ᠰᠦᠯᠵᠢᠶᠡᠨ ᠳᠡᠭᠡᠷ᠎ᠡ ᠭᠦᠢᠴᠡᠤᠡᠭᠡᠬᠦ ᠦᠭᠡᠢ ᠨᠢ ᠣᠨᠴᠠᠭᠠᠢ ᠶᠠᠪᠤᠳᠠᠯ ᠪᠣᠯᠬᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠣᠯ ᠵᠠᠷᠴᠢᠮ᠂ ᠬᠠᠮᠲᠤᠪᠠᠷ ᠡᠳ᠋ᠯᠡᠬᠦ ᠦᠭᠡᠢ ᠪᠣᠯ ᠣᠨᠴᠠᠭᠠᠢ ᠶᠠᠪᠤᠳᠠᠯ ᠪᠣᠯᠬᠤ︾᠎ ᠪᠠᠷ ᠬᠠᠷᠠᠯᠲᠠ ᠪᠣᠯᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠠᠶᠢᠷᠤᠪ ᠤᠨ ᠲᠤᠬᠤᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ᠬᠠᠶᠢᠷᠤᠪ ᠤᠨ ᠲᠤᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠪᠡᠯᠡᠳᠬᠡᠯ ᠠᠵᠢᠯ ᠬᠢᠵᠦ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号