ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2022 ᠣᠨ ᠤ 6 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2022/5/28
       5 ᠰᠠᠷ᠎ᠠ ᠶᠢᠨ 26᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2022 ᠣᠨ ᠤ 6 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ᠎︾ ᠢ ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃           ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳ᠋ᠧᠩ ᠺᠠᠢ᠂ ᠮᠧᠩ ᠫᠸᠢ ᠶᠦᠨ᠂ ᠬᠤᠤ ᠰᠢ ᠬᠤᠩ᠂ ᠮᠤᠤ ᠵᠧᠨ ᠬᠠᠢ᠂ ᠴᠢᠶᠣᠤ ᠢᠦᠢ ᠲᠤᠰ ᠲᠤᠰ ᠤᠨ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠤᠯᠳᠠᠯᠭᠠᠲᠤ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠵᠠᠢ᠃            ᠲᠠᠩ ᠢ ᠵᠢᠭᠠᠵᠤ ᠭᠠᠷᠭᠠᠭᠰᠠᠨ ᠨᠢ᠂ ᠦᠨᠳᠦᠰᠦᠲᠡᠨ ᠤ ᠠᠵᠢᠯ ᠪᠣᠯ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠡᠭᠦᠷᠭᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠤᠬᠠᠭᠤᠯᠭ᠎ᠠ ᠬᠥᠮᠦᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ᠂ ᠪᠠᠲᠤᠯᠠᠭ᠎ᠠ ᠪᠠᠨ ᠴᠢᠩᠭᠠᠳᠬᠠᠬᠤ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠳᠠᠰᠤᠷᠠᠯᠳᠠ ᠦᠭᠡᠢ ᠨᠢᠭᠲᠠᠷᠠᠭᠤᠯᠬᠤ ᠬᠡᠷᠡᠭᠲᠡᠢ ᠭᠡᠵᠡᠢ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号