ᠬᠠᠶᠢᠷᠤᠪ ᠤᠨ ᠲᠤᠬᠤᠢ ᠲᠣᠭᠤᠷᠢᠭ ᠤᠨ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾᠎ ᠨᠢ ᠠᠷᠠᠳ ᠲᠤ ᠲᠦᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2022/6/1
      ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠣᠭᠠᠴᠢᠯᠠᠭᠰᠠᠨ ᠵᠠᠰᠠᠭ ᠤᠨ ᠣᠷᠳᠣᠨ ᠢᠶᠠᠷ ᠬᠦᠳᠦᠯᠦᠨ ᠳᠠᠭᠠᠭᠤᠯᠵᠤ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠶᠡᠬᠡᠪᠡᠷ ᠴᠣᠮᠬᠠᠳᠬᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠵᠤ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾ ᠬᠡᠷᠡᠭ ᠶᠠᠪᠤᠳᠠᠯ ᠢ ᠴᠢᠨᠠᠭᠰᠢᠳᠠ ᠠᠭᠤᠳᠠᠯᠵᠤ᠂ ᠨᠡᠩ ᠥᠨᠳᠥᠷ ᠪᠦᠲᠦᠮᠵᠢᠲᠡᠢ ᠠᠵᠢᠯ ᠤᠨ ᠦᠷ᠎ᠡ ᠪᠦᠲᠦᠮᠵᠢ ᠲᠠᠢ᠂ ᠨᠡᠩ ᠰᠢᠯᠢᠳᠡᠭ ᠦᠢᠯᠡᠴᠢᠯᠡᠭᠡᠨ ᠤ ᠲᠦᠪᠰᠢᠨ ᠢᠶᠠᠷ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠤ ᠬᠠᠨᠤᠮᠵᠢ ᠶᠢᠨ  ᠬᠡᠮᠵᠢᠶ᠎ᠡ ᠪᠣᠯᠤᠨ ᠬᠦᠷᠲᠡᠮᠵᠢ ᠶᠢᠨ ᠲᠦᠷᠦᠭᠳᠡᠯ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃     ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠂ ᠴᠢᠨᠠᠷ ᠰᠠᠶᠢᠲᠠᠶ ᠣᠶᠤᠨᠴᠢ ᠵᠠᠰᠠᠭ ᠤᠨ ᠣᠷᠳᠣᠨ ᠢ ᠪᠠᠶᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠣᠯᠠᠨ ᠲᠦᠮᠡᠨ ᠤ ᠠᠵᠢᠯ ᠶᠠᠪᠤᠳᠠᠯ ᠭᠦᠢᠴᠡᠤᠡᠭᠡᠬᠦ ᠳᠤ ᠬᠦᠴᠢᠷ᠂ ᠠᠵᠢᠯ ᠶᠠᠪᠤᠳᠠᠯ ᠭᠦᠢᠴᠡᠤᠡᠭᠡᠬᠦ ᠭᠠᠷᠳᠠᠮ ᠶᠠᠷᠰᠢᠭ ᠲᠦᠪᠡᠭᠲᠡᠶ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ 65 ᠵᠤᠶᠢᠯ ᠤᠨ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠤᠡᠭᠡᠬᠦ︾ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ᠨᠡᠶᠢᠲᠡᠯᠡᠪᠡ᠃ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠤᠡᠭᠡᠬᠦ︾ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ᠭᠦᠢᠴᠡᠤᠡᠭᠡᠬᠦ ᠴᠢᠬᠤᠯᠠᠲᠠᠶ ᠪᠣᠯ᠂ ᠠᠵᠤ ᠠᠬᠤᠶᠢᠯᠠᠯ ᠪᠠ ᠣᠯᠠᠨ ᠲᠦᠮᠡᠨ ᠭᠤᠶᠤᠴᠢᠯᠠᠯ ᠢᠶᠠᠨ ᠲᠤᠰᠢᠶᠠᠬᠤ ᠳᠠᠭᠠᠨ᠂ ᠵᠥᠪᠬᠡᠨ ᠨᠢᠭᠡ ᠵᠤᠶᠢᠯ ᠤᠨ ᠦᠨᠡᠮᠯᠡᠯ ᠲᠤᠰᠢᠶᠠᠪᠠᠯ ᠳᠠᠷᠤᠶ ᠭᠦᠢᠴᠡᠤᠡᠭᠡᠵᠤ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠠᠰᠠ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠮᠡᠳᠡᠭᠡ ᠵᠠᠩᠭᠢ ᠶᠢ ᠲᠠᠭᠯᠠᠬᠤ ᠠᠴᠠ ᠬᠡᠯᠲᠦᠷᠢᠭᠦᠯᠬᠦ᠂ ᠴᠠᠭᠠᠰᠤᠨ ᠮᠠᠲ᠋ᠧᠷᠢᠶᠠᠯ ᠢ ᠲᠤᠰᠢᠶᠠᠬᠤ ᠠᠴᠠ ᠬᠡᠯᠲᠦᠷᠢᠭᠦᠯᠬᠦ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠲᠠᠰᠤᠷᠠᠯᠳᠡ ᠦᠭᠡᠢ ᠡᠭᠦᠳᠴᠦ᠂ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾᠎ ᠶᠢ ᠶᠠᠪᠤᠬᠤ ᠳᠤᠳᠤᠮ ᠲᠦᠬᠦᠮ ᠪᠣᠯᠭᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠠᠵᠢᠯ ᠶᠠᠪᠤᠳᠠᠯ ᠡᠷᠬᠢᠯᠡᠬᠦ ᠴᠣᠩᠬᠤᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠡᠢ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号