ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠯᠠᠨ ᠲᠦᠮᠡᠨ ᠤ ᠲᠣᠮᠣ ᠲᠠᠪᠴᠠᠩ ᠤᠨ ᠲᠤᠰᠬᠠᠶ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2022/7/1
     7 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠠᠴᠠ ᠳᠠᠭᠠᠭᠠᠴᠢᠯᠠᠨ ᠡᠷᠬᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠤᠯᠠᠨ ᠲᠦᠮᠡᠨ ᠤ ᠲᠤᠮᠤ ᠲᠠᠪᠴᠠᠩ ᠤᠨ ᠰᠢᠷᠢᠰ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠬᠤᠳᠠ ᠶᠢᠨ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠳᠤ ᠡᠬᠢᠯᠡᠪᠡ᠃      ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠨᠢ ᠭᠤᠣᠯ ᠰᠡᠳᠦᠪ ᠨᠢ ᠲᠣᠪᠤᠶᠢᠮ᠎ᠠ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠥᠩᠭᠡ ᠢᠯᠭᠠᠷᠠᠭᠰᠠᠨ 8 ᠪᠥᠵᠢᠭ ᠤᠨ ᠲᠣᠭᠯᠠᠯᠲᠠ ᠪᠠᠷ ᠳᠠᠮᠵᠢᠭᠤᠯᠤᠨ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠪᠠᠶᠠᠯᠢᠭ ᠰᠠᠶᠢᠬᠠᠨ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠬᠦᠷᠭᠡᠵᠡᠶ᠃ ᠡᠭᠦᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠤᠭᠡᠷ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠣᠭᠯᠠᠭᠰᠠᠨ ︽ᠴᠡᠴᠡᠭ ᠬᠤᠸᠠᠷ ᠨᠡᠷᠡᠨ ᠵᠦᠭ ᠳᠡᠯᠭᠡᠷᠡᠨ᠎ᠡ︾ ᠭᠡᠳᠡᠭ ᠨᠢ ᠣᠲᠣ ᠦᠶ᠎ᠡ ᠶᠢᠨ ᠪᠠᠭᠠᠴᠤᠳ ᠬᠡᠤᠬᠡᠳ ᠤᠨ ᠨᠠᠮ ᠤᠨ ᠨᠡᠷᠡᠨ ᠤ ᠬᠡᠷᠡᠯ ᠳᠤ ᠡᠭᠡᠭᠡᠵᠦ ᠡᠷᠡᠭᠦᠯ ᠢᠶᠠᠷ ᠦᠰᠦᠨ ᠪᠤᠶᠢᠵᠢᠬᠤ ᠶᠢ ᠬᠠᠷᠠᠭᠤᠯᠵᠤ ᠪᠠᠶᠢᠨ᠎ᠠ︔ ᠬᠠᠶᠢᠷᠤᠪ ᠤᠨ ᠲᠤᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ ᠶᠢᠨ ᠳᠡᠯᠭᠡᠨ ᠦᠵᠡᠭᠦᠯᠦᠭᠰᠡᠨ ︽ᠳᠤᠮᠳᠠᠳᠤ ᠶᠢᠨ ᠪᠠᠭᠠᠴᠤᠳ︾᠎ ᠨᠢ ᠣᠲᠣ ᠦᠶ᠎ᠡ ᠶᠢᠨ ᠪᠠᠭᠠᠴᠤᠳ ᠤᠷᠤᠭᠰᠢᠯᠠᠯᠲᠠ ᠶᠢᠨ ᠵᠠᠮ ᠤᠨ ᠪᠡᠯᠡᠳᠬᠡᠯ ᠴᠡᠷᠢᠭ ᠪᠣᠯᠤᠭᠰᠠᠨ ᠤ ᠬᠤᠪᠢ ᠳᠤ᠂ ᠡᠬᠡ ᠤᠯᠤᠰ ᠲᠠᠭᠠᠨ ᠬᠦᠴᠦᠨ ᠴᠢᠳᠠᠯ ᠢᠶᠠᠨ ᠡᠷᠭᠦᠬᠦ ᠪᠠᠷ ᠴᠠᠭ ᠢᠮᠠᠭᠲᠠ ᠪᠡᠯᠡᠬᠡᠨ ᠪᠠᠶᠢᠬᠤ ᠶᠢ ᠬᠠᠷᠠᠭᠤᠯᠵᠤ ᠪᠠᠶᠢᠨ᠎ᠠ︔ ᠬᠠᠶᠢᠷᠤᠪ ᠤᠨ ᠲᠤᠬᠤᠢ ᠲᠣᠭᠤᠷᠢᠭ ᠤᠨ ᠢ ᠯᠢᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠣᠭᠯᠠᠭᠰᠠᠨ ᠪᠥᠵᠢᠭ ᠨᠢ ᠦᠨᠳᠦᠰᠦᠲᠡᠨ ᠨᠦᠭᠦᠳ ᠰᠡᠳᠬᠢᠯ ᠨᠢᠭᠡᠳᠦᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠭᠰᠠᠨ ᠬᠠᠯᠠᠭᠤᠨ ᠳᠤᠯᠠᠭᠠᠨ ᠵᠢᠷᠤᠭ ᠢ ᠳᠡᠯᠭᠡᠨ ᠦᠵᠡᠭᠦᠯᠵᠡᠶ᠃ ᠰᠤᠷᠤᠭᠴᠢᠳ ᠢᠷᠠᠭᠤ ᠰᠠᠶᠢᠬᠠᠨ ᠬᠥᠳᠡᠯᠦᠯ ᠪᠠᠷᠢᠯ᠂ ᠪᠠᠶᠠᠯᠢᠭ ᠰᠠᠶᠢᠬᠠᠨ ᠰᠡᠳᠬᠢᠯᠭᠡ ᠶᠢᠨ ᠢᠯᠡᠷᠡᠯ ᠪᠠ ᠯᠠᠪᠳᠠᠭᠤᠨ ᠪᠠᠲᠤᠲᠠᠶ ᠦᠨᠳᠦᠰᠦᠨ ᠪᠣᠯᠪᠠᠰᠤᠷᠠᠯ ᠢᠶᠠᠷ ᠢᠶᠠᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠤᠡᠭᠡᠪᠡ  ᠃      ᠲᠣᠰ ᠤᠳᠠᠭᠠᠨ ᠤ ᠲᠤᠰᠬᠠᠶ ᠦᠵᠡᠭᠦᠯᠦᠯᠭᠡ ᠶᠢᠨ ᠲᠣᠭᠯᠠᠯᠲᠠ ᠶᠢ ᠠᠮᠵᠢᠯᠲᠠ ᠲᠠᠢ ᠡᠷᠭᠢᠯᠡᠭᠰᠡᠨ ᠶᠠᠪᠤᠳᠠᠯ ᠪᠣᠯ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠵᠤ᠂ ᠶᠣᠰᠣ ᠮᠣᠷᠠᠯ ᠢ ᠪᠣᠶ ᠪᠣᠯᠭᠠᠨ ᠬᠥᠮᠦᠨ ᠢ ᠬᠥᠮᠦᠵᠢᠭᠦᠯᠬᠦ ᠪᠠ ︽ᠬᠤᠶᠠᠷ ᠢ ᠬᠦᠩᠬᠡᠷᠡᠭᠦᠯᠬᠦ︾ ᠠᠵᠢᠯ ᠢ ᠨᠠᠶᠢᠳᠠᠪᠤᠷᠢᠵᠢᠭᠤᠯᠤᠭᠰᠠᠨ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ ᠠᠵᠢᠯᠯᠠᠭ᠎ᠠ ᠨᠢ ᠪᠠᠶᠠᠯᠢᠭ ᠰᠠᠶᠢᠬᠠᠨ ᠬᠡᠯᠪᠡᠷᠢ ᠪᠠᠷ ᠳᠠᠮᠵᠢᠭᠤᠯᠤᠨ᠂ ᠬᠤᠪᠢᠰᠬᠠᠯ ᠤᠨ ᠤᠳᠤᠮᠰᠢᠯ ᠢ ᠵᠠᠯᠠᠭᠤᠴᠤᠳ ᠪᠠᠭᠠᠴᠤᠳ ᠤᠨ ᠴᠢᠰᠤᠨ ᠰᠤᠳᠠᠰᠤ ᠳᠤ ᠠᠭᠤᠰᠬᠠᠵᠤ᠂ ᠪᠥᠬᠦ ᠰᠤᠷᠭᠠᠨ ᠬᠥᠮᠦᠵᠢᠯ ᠤᠨ ᠠᠵᠢᠯᠲᠠᠳ ᠢ ᠬᠥᠲᠥᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠤ᠋ ᠰᠢᠨ᠎ᠡ ᠡᠭᠦᠷᠭᠡ ᠶᠢ ᠡᠭᠦᠷᠭᠡᠯᠡᠭᠦᠯᠵᠦ᠂ ᠪᠣᠳᠠᠲᠤ ᠠᠵᠢᠯᠯᠠᠭ᠎ᠠ ᠪᠠ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号