ᠬᠠᠶᠢᠷᠤᠪ ᠤᠨ ᠲᠤᠬᠤᠢ ᠲᠣᠭᠤᠷᠢᠭ ᠤᠨ 2022 ᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ ᠲᠣᠭᠤᠷᠢᠭ ᠢ ᠴᠤᠭᠴᠠᠯᠠᠨ ᠪᠠᠶᠢᠭᠤᠯᠬᠤ ᠲᠤᠬᠠᠢ ᠲᠠᠬᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/25
      7 ᠳ᠋ᠤᠭᠠᠷ ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ 2022 ᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠲᠣᠭᠤᠷᠢᠭ ᠢ ᠴᠤᠭᠴᠠᠯᠠᠨ ᠪᠠᠶᠢᠭᠤᠯᠬᠤ ᠲᠤᠬᠠᠶ ᠳᠠᠬᠢᠨ ᠪᠠᠶᠢᠴᠠᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠳᠡᠭᠡᠷ᠎ᠡ ᠤᠢᠢᠷ᠎ᠠ ᠶᠢᠨ ᠬᠤᠭᠤᠴᠠᠭᠠᠨ ᠤ ᠲᠤᠬᠠᠢ ᠶᠢᠨ ᠭᠠᠵᠠᠷ ᠤᠨ ᠱᠠᠯᠠᠪᠳᠠᠭᠤᠯᠤᠨ ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠤᠶᠤᠨ ᠤ ᠪᠣᠯᠪᠠᠰᠤᠨ ᠤ ᠵᠥᠪᠯᠡᠯ ᠤᠨ ᠡᠷᠬᠢᠯᠡᠭᠴᠢ ᠼᠦᠢ ᠬᠤᠩ ᠪᠥᠸᠧ ᠬᠤᠷᠠᠯ ᠳᠤ ᠣᠷᠣᠯᠴᠠᠪᠠ᠃
20220725162610359001.png     
      ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠨ ᠬᠤᠲᠠ ᠶᠢᠨ ᠲᠣᠭᠤᠷᠢᠭ ᠢ ᠴᠤᠭᠴᠠᠯᠠᠨ ᠪᠠᠶᠢᠭᠤᠯᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠤᠬᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠥᠷᠭᠡᠨ ᠤᠯᠠᠨ ᠲᠦᠮᠡᠨ ᠢ ᠪᠦᠬᠦ ᠲᠠᠯ᠎ᠠ ᠪᠠᠷ ᠲᠠᠶᠢᠴᠢᠯᠠᠵᠦ᠂ ᠪᠣᠯᠪᠠᠰᠤᠨ ᠬᠤᠳᠠ ᠶᠢᠨ ᠲᠣᠭᠤᠷᠢᠭ ᠢ ᠰᠠᠶᠢᠲᠤᠷ ᠬᠠᠮᠠᠭᠠᠯᠠᠬᠤ ᠬᠡᠷᠡᠭᠲᠡᠢ︔ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠴᠤᠭᠴᠠᠯᠠᠨ ᠪᠠᠶᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠰᠠᠶᠢᠲᠤᠷ ᠪᠡᠶᠡᠯᠡᠭᠦᠯᠵᠦ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠨᠦᠭᠦᠳ ᠰᠠᠭᠤᠭᠠᠯᠢ ᠠᠷᠠᠳ ᠤᠨ ᠵᠢᠵᠢᠭ ᠲᠣᠭᠤᠷᠢᠭ᠂ ᠵᠡᠭᠡᠯᠢ ᠭᠤᠳᠤᠮᠵᠢ᠂ ᠭᠤᠤᠯ ᠵᠠᠮ᠂ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ ᠤᠨ ᠡᠷᠬᠢᠨ ᠲᠣᠭᠤᠷᠢᠨ ᠤ ᠵᠢᠵᠢᠭ ᠲᠣᠭᠤᠷᠢᠭ᠂ ᠰᠦᠯᠵᠢᠶᠡᠨ ᠤ ᠪᠠᠭᠠᠷ ᠂ ᠬᠤᠳᠠᠯᠳᠤᠭᠠᠨ ᠤ ᠲᠠᠯᠠᠪᠤᠷ ᠵᠡᠷᠭᠡ ᠴᠢᠬᠤᠯᠠ ᠴᠡᠭ ᠤᠳ ᠢ ᠴᠢᠩᠭᠠᠷᠠᠭᠤᠯᠵᠤ᠂ ᠠᠷᠢᠭᠤᠨ ᠴᠡᠪᠡᠷ ᠢ ᠰᠢᠮᠳᠠᠭᠤᠯᠤᠨ ᠪᠠᠶᠢᠴᠠᠭᠠᠬᠤ ᠡᠷᠴᠢᠮ ᠪᠠ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠷᠴᠢᠨ ᠲᠣᠭᠤᠷᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︔ ᠡᠯ᠎ᠡ ᠨᠢᠭᠡᠴᠡ ᠶᠢᠨ ᠬᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠴᠠᠭᠠᠬᠤ ᠠᠵᠢᠯ ᠢ ᠨᠠᠷᠢᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠶᠡᠭᠡ ᠲᠠᠯ᠎ᠠ ᠶᠢᠨ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠵᠤ᠂ ᠴᠤᠭᠴᠠᠯᠠᠨ ᠪᠠᠶᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠡᠷᠡᠰ ᠪᠠᠷᠢᠮᠲᠠᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠲᠣᠭᠤᠷᠢᠭ ᠢ ᠴᠤᠭᠴᠠᠯᠠᠨ ᠪᠠᠶᠢᠭᠤᠯᠵᠤ ᠳᠠᠬᠢᠨ ᠪᠠᠶᠢᠴᠠᠭᠠᠬᠤ ᠠᠵᠢᠯ ᠢ ᠬᠠᠮᠲᠤᠪᠠᠷ ᠠᠬᠢᠭᠤᠯᠬᠤ ᠬᠡᠷᠡᠭᠲᠡᠶ ᠭᠡᠵᠤ ᠱᠠᠭᠠᠷᠳᠠᠪᠠ᠃
20220725162611445002.png   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号