ᠬᠠᠶᠢᠷᠤᠪ ᠤᠨ ᠲᠤᠬᠤᠢ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ  ᠶᠠᠪᠤᠭᠳᠠᠪᠠ
ᠨᠡᠶᠢᠲᠡᠯᠡᠭᠰᠡᠨ ᠴᠠᠭ᠄
2022/7/29
      7 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠤᠬᠤᠢ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ᠂ ᠵᠦᠵᠸᠤ ᠶᠢᠨ ᠵᠦᠩ ᠴᠧ ᠱᠢ ᠳ᠋ᠠᠢ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠬᠠᠢ ᠺᠣᠮᠫᠠᠨᠢ ᠶᠢᠨ ᠫᠠᠶᠢᠰᠠ ᠰᠡᠬᠦᠬᠦ ᠶᠣᠰᠣᠯᠠᠯ ᠪᠣᠯᠤᠨ ᠱᠦᠢ ᠹᠠ ᠪᠦᠯᠦᠭᠯᠡᠯ ᠤᠨ ᠲᠢᠶᠠᠨ ᠴᠢ ᠬᠦᠨᠳᠦ ᠠᠵᠤ ᠦᠢᠯᠡᠳᠪᠦᠷᠢ ᠶᠢᠨ ᠦᠬᠠᠢ ᠶᠢᠨ ᠴᠢᠳᠬᠤᠮᠠᠯ ᠲᠤᠨᠤᠭ ᠤᠨ ᠲᠦᠷᠦᠯ ᠵᠦᠢᠯ ᠵᠢᠴᠢ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃
20220729100002656.jpg    
    ᠵᠦᠩ ᠴᠧ ᠱᠢ ᠳ᠋ᠠᠢ ᠴᠠᠬᠢᠯᠭᠠᠨ ᠤ ︽ᠨᠢᠭᠡᠳᠦᠯᠲᠡᠶ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠬᠦ︾ ᠵᠠᠷᠴᠢᠮ ᠢᠶᠠᠷ ᠦᠬᠠᠶ ᠶᠢᠨ ᠬᠤᠪᠢᠶᠠᠷᠢ ᠺᠣᠮᠫᠠᠨᠢ ᠶᠢᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠲᠥᠷᠥᠯ ᠵᠤᠶᠢᠯ ᠳᠤ ︽ᠥᠩᠭᠡ ᠦᠵᠡᠮᠵᠢ ᠶᠢᠨ ᠤᠰᠤᠲᠥ᠋ᠷᠥᠭᠴᠢ ᠶᠢ ᠬᠠᠳᠠᠭᠠᠯᠠᠬᠤ︾ ᠰᠢᠷᠢᠰ ᠤᠶᠢᠯᠡᠤᠡᠭᠦᠨ ᠪᠠᠭᠲᠠᠨ᠎ᠠ᠂ ᠪᠣᠳᠠᠲᠠᠶ ᠪᠠᠷ ᠬᠡᠯᠡᠪᠡᠯ ᠬᠡᠷᠡᠯ ᠴᠡᠨᠡᠭ ᠤᠨ ᠰᠥᠷᠬᠦ ᠬᠤᠪᠢᠷᠠᠭᠠᠭᠤᠷ᠂ ᠰᠠᠯᠬᠢᠨ ᠬᠦᠴᠦᠨ ᠤ ᠴᠠᠬᠢᠯᠭᠠᠨ ᠤ ᠭᠦᠶᠦᠳᠡᠯ ᠥᠭᠡᠷᠡᠴᠢᠯᠡᠭᠴᠢ᠂ ᠡᠨᠧᠷᠭᠢ ᠬᠠᠳᠠᠭᠠᠯᠠᠬᠤ ᠰᠢᠰᠲ᠋ᠧᠮ᠂ ᠤᠰᠤᠲᠥ᠋ᠷᠥᠭᠴᠢ ᠤᠶᠢᠯᠡᠤᠡᠬᠦ ᠴᠠᠬᠢᠯᠭᠠᠨ ᠡᠭᠦᠰᠭᠡᠭᠴᠢ ᠵᠡᠷᠭᠡ ᠪᠣᠯᠤᠨ᠎ᠠ᠃ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠶᠢ ᠪᠠᠷᠤᠭᠯᠠᠨ ᠪᠤᠳᠤᠪᠠᠯ 5 ᠳ᠋ᠦᠩᠰᠢᠭᠤᠷ ᠲᠥᠭᠦᠷᠢᠭ ᠣᠷᠴᠢᠮ ᠪᠠᠶᠢᠵᠤ᠂ ᠶᠡᠷᠦᠩᠬᠡᠶ ᠤᠶᠢᠯᠡᠤᠡᠪᠤᠷᠢᠯᠡᠬᠦ ᠴᠢᠳᠠᠪᠤᠷᠢ ᠨᠢ 5GW ᠪᠠᠶᠢᠵᠤ᠂ ᠲᠥᠷᠥᠯ ᠵᠤᠶᠢᠯ ᠨᠢ ᠵᠢᠱᠢᠯᠲᠡ ᠪᠠᠷ  ᠤᠶᠢᠯᠡᠤᠡᠪᠤᠷᠢᠯᠡᠯ ᠤᠨ ᠳᠠᠷᠠᠭᠠᠬᠢ ᠵᠢᠯ ᠤᠨ ᠤᠶᠢᠯᠡᠤᠡᠭᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠪᠠᠶᠢᠵᠤ᠂ ᠭᠠᠶᠢᠯᠢ ᠲᠠᠲᠠᠪᠤᠷᠢ ᠨᠢ 3000 ᠲᠦᠮᠡᠨ ᠲᠥᠭᠦᠷᠢᠭ ᠪᠠᠶᠢᠵᠤ᠂ ᠭᠤᠷᠪᠠᠨ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ 2022 ᠣᠨ ᠤ 11 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃     ᠤᠰᠤᠨ ᠠᠰᠢᠭᠯᠠᠯᠲᠠ ᠶᠢᠨ ᠪᠦᠯᠦᠭᠯᠡᠯ ᠤᠨ ᠦᠬᠠᠶ ᠬᠤᠲᠠ ᠶᠢᠨ ᠬᠠᠶᠢᠷᠤᠪ ᠤᠨ ᠲᠤᠬᠤᠢ ᠶᠢᠨ ᠠᠵᠤ  ᠤᠶᠢᠯᠡᠰ ᠤᠨ ᠬᠦᠷᠢᠶᠡᠯᠡᠩ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠬᠤᠶᠠᠷ ᠬᠤᠭᠤᠴᠠᠭ᠎ᠠ ᠬᠤᠪᠢᠶᠠᠵᠤ᠂ ᠨᠢᠭᠡᠳᠦᠭᠡᠷ ᠬᠤᠭᠤᠴᠠᠭᠠᠨ ᠳᠤ ᠪᠦᠬᠦ ᠵᠢᠯ ᠢᠶᠠᠷ ᠢᠶᠠᠨ ᠤᠶᠢᠯᠡᠤᠡᠪᠤᠷᠢᠯᠡᠯ ᠤᠨ ᠣᠨᠴᠠ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠴᠢᠳᠬᠤᠮᠠᠯ ᠲᠣᠨᠤᠭ ᠢ 50000 ᠲᠣᠨ ᠲᠥᠷᠥᠯ ᠵᠤᠶᠢᠯ ᠢ ᠪᠥᠲᠥᠭᠡᠨ ᠪᠠᠶᠢᠭᠤᠯᠵᠤ᠂ ᠬᠤᠶᠠᠳᠤᠭᠠᠷ ᠬᠤᠭᠤᠴᠠᠭᠠᠨ ᠳᠤ ᠪᠦᠬᠦ ᠵᠢᠯ ᠢᠶᠠᠷ ᠢᠶᠠᠨ ᠣᠨᠴᠠ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠴᠢᠳᠬᠤᠮᠠᠯ ᠲᠣᠨᠤᠭ ᠢ 10 ᠲᠦᠮᠡᠨ ᠲᠣᠨ ᠲᠥᠷᠥᠯ ᠵᠤᠶᠢᠯ ᠢ ᠨᠡᠮᠡᠵᠦ ᠥᠷᠭᠡᠳᠬᠡᠨ᠎ᠡ᠃ ᠨᠢᠭᠡᠳᠦᠭᠡᠷ ᠬᠤᠭᠤᠴᠠᠭᠠᠨ ᠤ ᠲᠥᠷᠥᠯ ᠵᠤᠶᠢᠯ ᠤᠨ ᠤᠶᠢᠯᠡᠤᠡᠪᠤᠷᠢᠯᠡᠯ ᠳᠤ ᠤᠷᠤᠭᠰᠠᠨ ᠤ ᠳᠠᠷᠠᠭᠠᠬᠢ ᠵᠢᠯ ᠤᠨ ᠪᠣᠷᠣᠯᠠᠭᠤᠯᠤᠯᠲᠠ ᠶᠢᠨ ᠨᠣᠷᠮ᠎ᠠ 6.102 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ ᠪᠠᠶᠢᠵᠤ᠂ ᠵᠢᠯ ᠤᠨ ᠳᠤᠮᠳᠠᠴᠢ ᠠᠰᠢᠭ ᠭᠠᠶᠢᠯᠢ ᠨᠢ ᠪᠠᠷᠤᠭ 3661 ᠲᠦᠮᠡᠨ ᠲᠥᠭᠦᠷᠢᠭ ᠲᠤ ᠬᠦᠷᠴᠠᠢ᠃ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠲᠥᠷᠥᠯ ᠵᠤᠶᠢᠯ ᠪᠦᠬᠦᠨ ᠢᠶᠠᠷ ᠢᠶᠠᠨ ᠤᠶᠢᠯᠡᠤᠡᠪᠤᠷᠢᠯᠡᠭᠰᠡᠨ ᠤ ᠳᠠᠷᠠᠭᠠᠬᠢ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 12.204 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ ᠪᠠᠶᠢᠵᠤ᠂ ᠵᠢᠯ ᠤᠨ ᠳᠤᠮᠳᠠᠴᠢ ᠠᠰᠢᠭ ᠭᠠᠶᠢᠯᠢ ᠨᠢ ᠪᠠᠷᠤᠭ 7322 ᠲᠦᠮᠡᠨ ᠲᠥᠭᠦᠷᠢᠭ ᠲᠤ ᠬᠥᠷᠪᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号