ᠭᠤᠶᠢᠳᠠ ᠰᠠᠶᠢᠬᠠᠨ︕ ᠬᠠᠶᠢᠷᠤᠪ ᠤᠨ ᠲᠤᠬᠤᠢ ᠲᠣᠭᠤᠷᠢᠭ ᠤᠨ ︽ᠤᠯᠠᠨ ᠲᠦᠮᠡᠨ ᠤ ᠲᠤᠮᠤ ᠲᠠᠪᠴᠠᠩ︾᠎ ᠤᠨ ᠰᠠᠶᠢᠨ ᠵᠦᠴᠦᠭᠡ ᠵᠠᠯᠭᠠᠭ᠎ᠠ ᠪᠠᠷ ᠭᠠᠷᠴᠤ ᠢᠷᠡᠪᠡ
ᠨᠡᠶᠢᠲᠡᠯᠡᠭᠰᠡᠨ ᠴᠠᠭ᠄
2022/7/6
     ᠰᠢ ᠶᠢᠨ ᠫᠢᠩ ᠶᠡᠷᠦᠩᠬᠡᠶ ᠱᠦᠵᠢ ᠶᠢᠨ ᠰᠣᠶᠣᠯ ᠤᠳᠬ᠎ᠠ ᠤᠷᠠᠯᠢᠭ ᠤᠨ ᠠᠵᠢᠯ ᠳᠤ ︽ᠠᠷᠠᠳ ᠲᠦᠮᠡᠨ ᠤ ᠳᠤᠮᠳᠠ ᠦᠨᠳᠦᠰᠦᠯᠡᠵᠦ᠂ ᠠᠮᠢᠳᠤᠷᠠᠯ ᠤᠨ ᠳᠤᠮᠳᠠ ᠦᠨᠳᠦᠰᠦᠯᠡᠬᠦ︾ ︽ᠠᠷᠠᠳ ᠲᠦᠮᠡᠨ ᠤ ᠳᠤᠮᠳᠠ ᠣᠴᠢᠬᠤ︾ ᠲᠤᠬᠠᠶ ᠱᠠᠭᠠᠷᠳᠠᠯᠭ᠎ᠠ ᠶᠢ ᠢᠳᠡᠪᠬᠢᠲᠡᠶ ᠦᠢᠯᠡᠳᠦᠯᠭᠡᠵᠢᠭᠦᠯᠬᠦ ᠶᠢᠨ ᠲᠥᠯᠥᠭᠡ  ᠂ ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ  ᠲᠤᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠤᠨ ᠣᠷᠳᠣᠨ ᠤ ᠳᠠᠭᠠᠭᠠᠴᠢᠯᠠᠨ ᠡᠷᠬᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾  ᠭᠡᠬᠦ ᠤᠯᠠᠨ ᠲᠦᠮᠡᠨ ᠤ ᠲᠤᠮᠤ ᠲᠠᠪᠴᠠᠩ ᠤᠨ ᠰᠣᠶᠣᠯ ᠤᠨ ᠰᠢᠰᠲ᠋ᠧᠮ ︵ᠲᠤᠭᠤᠷᠢᠭ ᠤᠨ ᠤᠯᠠᠭᠠᠨᠮᠥ᠋ᠴᠢᠷ︶᠎ ᠤᠨ ᠦᠵᠡᠭᠦᠯᠦᠯᠭᠡ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠳᠤ ᠠᠮᠵᠢᠯᠲᠠ ᠲᠠᠢ ᠶᠠᠪᠤᠭᠳᠠᠪᠠ᠃      ᠭᠤᠶᠢᠳᠠ ᠰᠠᠶᠢᠬᠠᠨ ᠲᠣᠭᠯᠠᠯᠲᠠ ᠨᠢ ᠤᠯᠠᠨ ᠲᠦᠮᠡᠨ ᠳᠤ ᠭᠠᠷᠠᠭ ᠤᠨ ᠰᠡᠭᠦᠯᠴᠢ ᠶᠢᠨ ᠪᠠᠶᠠᠷ ᠪᠠᠭ᠋ᠠᠳᠤᠯ ᠢ ᠬᠦᠷᠭᠡᠵᠦ᠂ ᠪᠥᠵᠢᠭ ︽ᠰᠢᠨ᠎ᠡ ᠴᠠᠭ ᠦᠶ᠎ᠡ ᠶᠢ ᠴᠡᠴᠡᠭᠯᠡᠭᠦᠯᠦᠨ᠎ᠡ︾᠂ ︽ᠬᠦᠰᠡᠯᠡᠩ ᠤᠨ ᠬᠥᠳᠡᠭᠡ ᠲᠠᠯ᠎ᠠ︾᠎ ᠨᠢ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠭᠦᠢᠴᠡᠳ ᠬᠠᠷᠠᠭᠤᠯᠪᠠ︔  ᠪᠡᠭᠡᠵᠢᠩ ᠵᠦᠴᠦᠭᠡ ︽ᠪᠡᠭᠡᠵᠢᠩ ᠵᠦᠴᠦᠭᠡ ᠶᠢᠨ ᠨᠠᠶᠢᠷᠠᠯ ᠳᠠᠭᠤᠤ︾᠎ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠲᠡᠭᠦᠯᠳᠡᠷ ᠰᠠᠶᠢᠬᠠᠨ ᠲᠠᠶᠢᠯᠪᠤᠷᠢᠯᠠᠵᠠᠶ︔ ᠬᠥᠭᠵᠢᠮ ᠬᠠᠪᠰᠤᠷᠭᠠᠭᠰᠠᠨ ᠰᠢᠯᠦᠭ ︽ᠪᠢ ᠣᠮᠣᠭᠰᠢᠨ᠎ᠠ᠂ ᠪᠢ ᠪᠣᠯ ᠳᠤᠮᠳᠠᠳᠤ ᠤᠯᠤᠰ ᠤᠨ ᠬᠥᠮᠦᠨ︾᠂ ᠰᠠᠺᠰ ᠤᠨ ᠨᠠᠶᠢᠷᠠᠯ ᠬᠥᠭᠵᠢᠮ ︽ᠵᠠᠮᠴᠢ︾᠎ ᠨᠢ ᠪᠢᠳᠡᠨ ᠤ ᠨᠠᠮ ᠪᠠ ᠡᠬᠡ ᠤᠯᠤᠰ ᠲᠠᠭᠠᠨ ᠭᠦᠨ ᠵᠤᠵᠠᠭᠠᠨ ᠬᠠᠶᠢᠷ᠎ᠠ ᠪᠠ ᠰᠠᠶᠢᠨ ᠰᠠᠶᠢᠬᠠᠨ ᠵᠥᠩᠨᠡᠯ ᠢ ᠬᠠᠯᠠᠭᠤᠨ ᠢᠶᠠᠷ ᠢᠯᠡᠳᠬᠡᠵᠦ᠂ ᠨᠠᠶᠢᠷᠠᠯ ᠳᠠᠭᠤᠤ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾ ᠭᠡᠬᠦ ᠳᠠᠭᠤᠤ ᠶᠢᠨ ᠳᠤᠮᠳᠠ ᠠᠯᠭᠤᠷᠬᠠᠨ ᠢᠶᠠᠷ ᠥᠨᠳᠥᠷᠯᠡᠪᠡ᠃    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠪᠣᠯᠵᠤ ᠪᠠᠶᠢᠭ᠎ᠠ ᠦᠶ᠎ᠡ ᠳᠤ᠂ ᠤᠯᠠᠨ ᠲᠦᠮᠡᠨ ᠤ ᠲᠤᠮᠤ ᠲᠠᠪᠴᠠᠩ ᠤᠨ ᠰᠣᠶᠣᠯ ᠤᠨ ᠰᠢᠰᠲ᠋ᠧᠮ ︵ᠲᠤᠭᠤᠷᠢᠭ ᠤᠨ ᠤᠯᠠᠭᠠᠨᠮᠥ᠋ᠴᠢᠷ︶᠎ ᠤᠨ ᠦᠵᠡᠭᠦᠯᠦᠯᠭᠡ ᠨᠢ ᠨᠠᠮ ᠤᠨ ᠲᠦᠷᠦᠭᠰᠡᠨ ᠡᠳᠦᠷ ᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠭᠦᠨ ᠬᠠᠳᠠᠩᠰᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠳᠠᠶᠢᠴᠢᠯᠠᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠭᠤᠣᠯ ᠰᠡᠳᠦᠪᠲᠦ ᠠᠵᠢᠯᠯᠠᠭ᠎ᠠ ᠳᠤ ᠬᠠᠮᠲᠤ ᠪᠠᠷ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠶᠢᠴᠢᠯᠠᠨ ᠠᠵᠢᠯ ᠬᠢᠵᠦ ᠦᠢᠯᠡᠰ ᠪᠤᠰᠬᠠᠬᠤ ᠰᠦᠷ ᠳᠠᠯᠠᠶᠢᠴᠠᠲᠠᠢ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号