ᠰᠤᠷᠪᠤᠯᠵᠢᠯᠠᠭᠴᠢ ᠰᠤᠷᠪᠤᠯᠵᠢᠯᠠᠪᠠ︕ ᠬᠠᠶᠢᠷᠤᠪ ᠤᠨ ᠲᠤᠬᠤᠢ ᠶᠢᠨ ᠬᠥᠮᠦᠰ ᠤᠨ ︽ᠨᠣᠭᠤᠭ᠎ᠠ ᠶᠢᠨ ᠰᠠᠭᠰᠤ︾ ᠳᠦᠭᠦᠷᠡᠩ ᠁
ᠨᠡᠶᠢᠲᠡᠯᠡᠭᠰᠡᠨ ᠴᠠᠭ᠄
2022/8/10
      ᠬᠢᠵᠢᠭ ᠤᠨ ᠪᠠᠶᠢᠳᠠᠯ ᠳᠣᠣᠷ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠨ᠎ᠠ ᠤᠤ︖ 8 ᠰᠠᠷ᠎ᠠ ᠶᠢᠨ 9᠎ ᠤ ᠡᠳᠦᠷ᠂ ᠰᠤᠷᠪᠤᠯᠵᠢᠯᠠᠭᠴᠢ ᠰᠢᠨ ᠶᠠᠩ ᠱᠢ ᠳ᠋ᠠᠢ ᠠᠭᠤᠳᠠᠮ ᠲᠠᠯᠠᠪᠠᠶ ᠪᠣᠯᠤᠨ ᠬᠡᠰᠡᠭ ᠭᠤᠤᠯᠳᠠᠯᠭ᠎ᠠ ᠲᠠᠢ ᠬᠤᠳᠠᠯᠳᠤᠭᠠᠨ ᠤ ᠬᠡᠲᠦ ᠳᠡᠯᠭᠡᠭᠦᠷ ᠲᠤ ᠬᠦᠷᠴᠦ ᠣᠶᠢᠯᠠᠭᠠᠭᠰᠠᠨ ᠢᠶᠠᠷ᠂ ᠣᠳᠣᠬᠠᠨ ᠳᠤ ᠬᠠᠶᠢᠷᠤᠪ ᠤᠨ ᠲᠣᠬᠤᠶ ᠲᠣᠭᠤᠷᠢᠭ ᠤᠨ ᠢᠳᠡᠰᠢᠨ ᠨᠣᠭᠤᠭ᠎ᠠ ᠶᠢ ᠪᠥᠭᠡᠮ ᠢᠶᠠᠷ ᠲᠡᠭᠡᠭᠡᠪᠦᠷᠢᠯᠡᠬᠦ ᠶᠠᠪᠤᠳᠠᠯ ᠬᠡᠪ ᠤᠨ ᠪᠠᠶᠢᠳᠠᠯ ᠢᠶᠠᠷ ᠶᠠᠪᠤᠭᠳᠠᠵᠤ᠂ ᠡᠯ᠎ᠡ ᠲᠣᠮᠣ ᠬᠡᠲᠦ ᠳᠡᠯᠭᠡᠭᠦᠷ ᠤᠨ ᠪᠠᠷᠠᠭ᠎ᠠ ᠪᠡᠯᠡᠳᠬᠡᠬᠦ ᠨᠢ ᠭᠦᠢᠴᠡᠤᠡ᠂ ᠬᠠᠩᠭᠠᠯᠭ᠎ᠠ ᠶᠢᠨ ᠬᠡᠯᠬᠢᠶ᠎ᠡ ᠶᠢᠨ ᠪᠥᠬᠦ ᠬᠡᠯᠬᠢᠶ᠎ᠡ ᠰᠠᠭᠠᠳ ᠥᠬᠡᠶ ᠨᠡᠪᠲᠡᠷᠡᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠦᠨ᠎ᠡ ᠬᠠᠩᠰᠢ ᠲᠣᠭᠲᠠᠭᠤᠨ ᠪᠠᠶᠢᠨ᠎ᠠ᠃ ᠡᠭᠦᠨ ᠤ ᠵᠡᠷᠭᠡ ᠳᠤ ᠬᠤᠲᠠ ᠶᠢᠨ ᠠᠷᠠᠳ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠪᠠᠷ ᠬᠠᠮᠵᠢᠯᠴᠠᠨ᠂ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠣᠳ᠋ ᠵᠢᠴᠢ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠡᠮᠳᠡᠭ ᠢ ᠬᠠᠶᠢᠷᠤᠪ ᠤᠨ ᠲᠤᠬᠤᠢ  ᠲᠣᠭᠤᠷᠢᠭ ᠲᠠᠬᠢ ᠪᠥᠭᠡᠮ ᠬᠦᠴᠢᠯ ᠤᠨ ᠨᠠᠭᠠᠯᠲᠠ ᠶᠢᠨ ᠴᠠᠭᠠᠰᠤ ᠨᠢ ᠨᠢᠭᠡᠨᠲᠡ ᠤᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ︽ᠤᠷᠤᠰᠬᠠᠯ ᠤᠨ ᠦᠨᠡᠮᠯᠡᠯ︾ ᠪᠣᠯᠤᠭᠰᠠᠨ ᠪᠠᠶᠢᠨ᠎ᠠ᠃    ︽ᠪᠢ ᠪᠠᠭ᠎ᠠ ᠪᠤᠰᠤ ᠶᠠᠭᠤᠮ᠎ᠠ ᠬᠤᠳᠠᠯᠳᠤᠨ ᠠᠪᠴᠠᠶ᠂ ᠦᠨ᠎ᠡ ᠬᠠᠩᠰᠢ ᠨᠢ ᠶᠡᠷᠦ ᠶᠢᠨ ᠦᠶ᠎ᠡ ᠶᠢᠨ ᠬᠢ ᠲᠠᠢ ᠪᠠᠷᠤᠭ ᠠᠳᠠᠯᠢ᠂ ᠳᠡᠮᠡᠶ ᠬᠤᠪᠢᠷᠠᠯᠲᠠ ᠦᠭᠡᠢ ᠮᠥᠷᠲᠡᠭᠡᠨ ᠡᠳ᠋ ᠪᠣᠳᠠᠰ ᠤᠨ ᠬᠠᠩᠭᠠᠯᠭ᠎ᠠ ᠪᠠᠰᠠ ᠲᠤᠩ ᠬᠠᠩᠭᠠᠮᠵᠢᠲᠠᠶ ᠪᠠᠶᠢᠨ᠎ᠠ ᠭᠡᠵᠦ ᠪᠤᠳᠤᠵᠦ ᠪᠠᠶᠢᠨ᠎ᠠ᠃︾ ᠭᠡᠵᠦ ᠬᠡᠳᠦ ᠳᠡᠯᠭᠡᠭᠦᠷ ᠠᠴᠠ ᠲᠠᠸᠠᠷ ᠬᠤᠳᠠᠯᠳᠤᠨ ᠠᠪᠤᠭᠰᠠᠨ ᠸᠠᠩ ᠠᠪᠠᠭ᠋ᠠᠶ ᠬᠡᠯᠡᠪᠡ᠃     ︽ᠰᠢᠨ᠎ᠡ ᠲᠢᠲᠢᠮᠯᠢᠭ ᠸᠢᠷᠦ᠋ᠰ ᠪᠣᠯ ᠦᠰᠦᠷᠳᠡᠰᠦ ᠪᠠᠷ ᠳᠡᠮᠵᠢᠨ ᠬᠠᠯᠳᠠᠪᠤᠷᠢᠯᠠᠳᠠᠭ᠃ ᠠᠮᠠᠪᠴᠢ ᠲᠠᠭᠠᠷᠠᠭᠤᠯᠬᠤ ᠪᠣᠯ ᠬᠠᠮᠤᠭ ᠤᠨ ᠦᠨᠳᠦᠰᠦᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠮᠥᠨ᠂ ᠡᠶᠢᠮᠦ ᠠᠴᠠ ᠪᠢ ᠭᠠᠳᠠᠭᠰᠢ ᠭᠠᠷᠤᠮᠠᠭᠴᠠ ᠠᠮᠠᠪᠴᠢ ᠵᠡᠭᠦᠳᠡᠭ᠂ ᠠᠰᠠᠷ ᠠᠴᠠ ᠪᠠᠭᠤᠵᠤ ᠨᠣᠭᠤᠭ᠎ᠠ ᠠᠪᠬᠤ ᠪᠠᠷ ᠪᠤᠳᠤᠭᠰᠠᠨ ᠴᠤ ᠬᠡᠵᠢᠶᠡᠳᠡ ᠵᠡᠭᠦᠳᠡᠭ᠂ ᠨᠢᠭᠡ ᠳᠤ ᠥᠪᠡᠷ ᠢᠶᠠᠨ ᠰᠠᠨᠠᠭ᠎ᠠ ᠠᠮᠤᠷ ᠪᠠᠶᠢᠵᠤ᠂ ᠬᠤᠶᠠᠷ ᠲᠤ ᠪᠠᠰᠠ ᠪᠤᠰᠤᠳ ᠤᠨ ᠠᠮᠤᠷ ᠲᠦᠪᠰᠢᠨ ᠤ ᠲᠥᠯᠥᠭᠡ ᠪᠠᠶᠢᠳᠠᠭ︾᠃ ᠭᠡᠵᠦ ᠵᠠᠩ ᠠᠪᠤᠭᠠᠶ ᠬᠡᠯᠡᠪᠡ᠃
微信图片_20220810092638.jpg
微信图片_20220810092642.jpg
     ᠣᠶᠢᠯᠠᠭᠠᠭᠰᠠᠨ ᠢᠶᠠᠷ᠂ ᠣᠳᠣᠬᠠᠨ ᠳᠤ᠂ ᠬᠠᠶᠢᠷᠤᠪ ᠤᠨ ᠲᠤᠬᠤᠢ  ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠰᠡᠯ ᠤᠨ ᠬᠠᠩᠭᠠᠯᠭ᠎ᠠ ᠭᠦᠢᠴᠡᠳ᠂ ᠠᠵᠢᠯᠯᠠᠭᠠᠨ ᠲᠣᠭᠲᠠᠭᠤᠨ᠂ ᠥᠷᠭᠡᠨ ᠤᠯᠠᠨ ᠬᠤᠳᠠ ᠶᠢᠨ ᠠᠷᠠᠳ ᠤᠨ ᠡᠳᠦᠷ ᠲᠤᠳᠤᠮ ᠤᠨ ᠬᠡᠷᠡᠭᠴᠡᠭᠡ ᠶᠢ ᠪᠠᠲᠤᠯᠠᠵᠤ ᠴᠢᠳᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠡᠯ᠎ᠡ ᠲᠤᠮᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠢᠯᠣᠭᠤᠳᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠢᠳᠡᠰᠢᠨ ᠨᠣᠭᠤᠭ᠎ᠠ ᠶᠢᠨ ᠢᠷᠡᠯᠳᠡ ᠶᠢ ᠲᠣᠭᠲᠠᠪᠤᠷᠢᠵᠢᠭᠤᠯᠤᠨ᠎ᠠ᠃
微信图片_20220810092647.jpg
微信图片_20220810092650.jpg
微信图片_20220810092653.jpg
    ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠦᠨ᠎ᠡ ᠨᠢ ᠶᠠᠮᠠᠷ ᠪᠣᠶ︖ ᠰᠤᠷᠪᠤᠯᠵᠢᠯᠠᠭᠴᠢ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠶᠢ ᠪᠠᠷᠠᠭᠠᠨ ᠤ ᠲᠠᠯᠪᠢᠭᠤᠷ ᠳᠡᠭᠡᠷ᠎ᠡ ᠲᠦᠭᠦᠷᠡᠲᠡᠯ᠎ᠡ ᠳᠡᠯᠭᠡᠵᠦ ᠪᠠᠶᠢᠬᠤ ᠶᠢ ᠦᠵᠡᠭᠡᠳ᠂ ᠪᠣᠷᠣᠯᠠᠭᠤᠯᠤᠯᠲᠠ ᠶᠢᠨ ᠪᠠᠶᠢᠳᠠᠯ ᠢ ᠦᠨᠳᠦᠰᠦᠯᠡᠨ ᠪᠠᠷᠠᠭᠠᠨ ᠤ ᠢᠷᠡᠯᠲᠡ ᠶᠢ ᠴᠠᠭ ᠲᠤᠬᠠᠶ ᠳᠤᠨᠢ ᠨᠥᠬᠦᠪᠥᠷᠢᠯᠡᠵᠦ᠂ ︽ᠦᠨ᠎ᠡ ᠬᠠᠩᠰᠢ ᠥᠰᠬᠦ ᠦᠭᠡᠶ᠂ ᠶᠠᠰᠤ ᠴᠢᠨᠠᠷ ᠪᠠᠭᠤᠷᠠᠬᠤ ᠦᠭᠡᠶ᠂ ᠬᠠᠩᠭᠠᠯᠭ᠎ᠠ ᠲᠠᠰᠤᠷᠠᠬᠤ ᠦᠭᠡᠶ︾ ᠪᠠᠶᠢᠬᠤ ᠶᠢ ᠪᠡᠶᠡᠯᠡᠭᠦᠯᠵᠡᠶ᠃
微信图片_20220810092701.jpg
微信图片_20220810092657.jpg
     ᠣᠳᠣᠬᠠᠨ ᠳᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ ᠤᠨ ᠪᠠᠷᠠᠭᠠᠨ ᠤ ᠢᠷᠡᠯᠲᠡ ᠲᠣᠭᠲᠠᠭᠤᠨ᠂ ᠬᠠᠩᠭᠠᠯᠭ᠎ᠠ ᠭᠦᠢᠴᠡᠤᠡ᠂ ᠪᠠᠷᠠᠭᠠᠨ ᠤ ᠦᠨ᠎ᠡ ᠲᠣᠭᠲᠠᠭᠤᠨ ᠪᠠᠶᠢᠨ᠎ᠠ᠂ ᠬᠤᠲᠠ ᠶᠢᠨ ᠠᠷᠠᠳ ᠬᠤᠳᠠᠯᠳᠤᠨ ᠠᠪᠬᠤ ᠠᠴᠠ ᠪᠠᠨ ᠡᠮᠦᠨ᠎ᠡ ᠬᠤᠳᠠᠯᠳᠤᠨ ᠠᠪᠬᠤ ᠲᠥᠯᠥᠪᠯᠡᠭᠡ ᠪᠠᠨ ᠰᠠᠶᠢᠲᠤᠷ ᠬᠢᠵᠦ᠂ ᠰᠠᠭᠠᠲᠠᠬᠤ ᠴᠠᠭ ᠢᠶᠠᠨ ᠪᠠᠭᠠᠰᠬᠠᠨ᠂ ᠭᠠᠳᠠᠭᠰᠢ ᠭᠠᠷᠴᠤ ᠬᠤᠳᠠᠯᠳᠤᠨ ᠠᠪᠬᠤ ᠳᠠᠭᠠᠨ ᠠᠯᠢ ᠴᠢᠳᠠᠬᠤ ᠪᠠᠷ ᠪᠠᠷᠠᠭ᠎ᠠ ᠬᠤᠳᠠᠯᠳᠤᠨ ᠠᠪᠬᠤ ᠣᠷᠭᠢᠯ ᠠᠴᠠ ᠵᠠᠶᠢᠯᠠᠵᠤ᠂ ᠵᠠᠬ᠎ᠠ ᠳᠡᠯᠭᠡᠭᠦᠷ ᠲᠤ ᠣᠷᠣᠬᠤ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠤᠨ ᠠᠵᠢᠯᠲᠠᠳ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠤᠷᠤᠭᠰᠠᠨ ᠤ ᠳᠠᠷᠠᠭ᠎ᠠ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ ᠭᠡᠵᠦ  ᠬᠠᠯᠠᠭᠤᠨ ᠳᠣᠲᠣᠨᠣ ᠪᠠᠷ ᠰᠠᠨᠠᠭᠤᠯᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号