ᠲᠤᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ︽ᠭᠤᠷᠪᠠ ᠶᠢ ᠳᠣᠪᠤᠶᠢᠯᠭᠠᠬᠤ ︾᠎ ᠶᠢ ᠴᠢᠩᠭ᠎ᠠ ᠠᠳᠬᠤᠵᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/8/10
       ᠨᠠᠮ ᠤᠨ ᠲᠥᠪ ᠬᠤᠷᠢᠶ᠎ᠠ ᠪᠣᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠡᠭᠦᠰᠴᠦ᠂ ᠥᠭᠡᠷᠡᠴᠢᠯᠡᠯᠲᠡ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠡᠮᠬᠢᠯᠡᠬᠦ ᠪᠠ ᠥᠪᠡᠷ ᠢᠶᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠨᠳᠦᠰᠦᠨ ᠱᠠᠲᠤᠨ ᠤ ᠬᠥᠭᠵᠢᠯᠲᠡ ᠳᠤ ᠠᠰᠢᠭᠲᠠᠢ᠂ ᠠᠷᠠᠳ ᠤᠯᠠᠨ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃       ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠣᠪᠤᠶᠢᠯᠭᠠᠬᠤ ᠶᠢᠨ ᠲᠤᠰᠠᠳᠠ᠂  ᠲᠤᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠠᠴᠠ ᠲᠤᠷᠰᠢᠯᠭ᠎ᠠ ᠪᠠᠨ ᠳ᠋ᠦᠩᠨᠡᠵᠦ᠂ ᠡᠯ᠎ᠡ ᠲᠥᠷᠥᠯ ᠤᠨ ᠥᠭᠡᠷᠡᠴᠢᠯᠡᠯᠲᠡ ᠶᠢᠨ ᠮᠠᠲ᠋ᠧᠷᠢᠶᠠᠯ ᠢ ᠲᠥᠷᠥᠯ ᠬᠤᠪᠢᠶᠠᠨ ᠲᠠᠩᠰᠠ ᠡᠪᠬᠡᠮᠡᠯ ᠳᠤ ᠣᠷᠣᠭᠤᠯᠬᠤ ᠶᠢ ᠰᠠᠶᠢᠲᠤᠷ ᠬᠢᠵᠦ᠂ ᠲᠤᠰᠬᠠᠶ ᠪᠠᠶᠢᠴᠠᠭᠠᠨ ᠰᠤᠳᠤᠯᠤᠯᠲᠠ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠣᠶ ᠪᠣᠯᠭᠠᠵᠤ᠂ ᠳᠡᠭᠡᠳᠦ ᠱᠠᠲᠤᠨ ᠤ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠪᠠ ᠪᠠᠶᠢᠴᠠᠭᠠᠬᠤ ᠶᠢ ᠬᠦᠯᠢᠶᠡᠨ᠎ᠡ᠃     ︽ᠭᠤᠷᠪᠠ ᠶᠢ ᠲᠣᠭᠲᠠᠭᠠᠬᠤ︾ ᠦᠢᠯᠡᠳᠦᠯ ᠴᠢᠳᠠᠪᠤᠷᠢ ᠶᠢ ᠳᠣᠪᠤᠶᠢᠯᠭᠠᠬᠤ ᠶᠢᠨ ᠲᠥᠯᠥᠭᠡ᠂ ᠲᠤᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠪᠦᠬᠦ ᠲᠤᠭᠤᠷᠢᠭ ᠤᠨ 35 ᠨᠠᠮ ᠵᠠᠰᠠᠭ ᠤᠨ ᠰᠠᠯᠠᠭ᠎ᠠ ᠮᠥᠴᠢᠷ᠂ 1 ᠪᠠᠯᠭᠠᠰᠤᠨ ᠤ 6 ᠠᠯᠪᠠᠨ ᠭᠡᠷ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ ︽︿ᠭᠤᠷᠪᠠ ᠶᠢ ᠲᠣᠭᠲᠠᠭᠠᠬᠤ﹀ ᠲᠣᠭᠲᠠᠭᠠᠯ ᠢ ᠬᠢᠨᠠᠮᠠᠭᠠᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠬᠦ ᠶᠢ ᠦᠨᠡᠨᠬᠦ ᠪᠠᠲᠤᠯᠠᠬᠤ ᠲᠤᠬᠠᠶ ᠮᠡᠳᠡᠭᠳᠡᠯ︾᠎ ᠢ ᠪᠠᠭᠤᠯᠭᠠᠪᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ᠂ ᠱᠠᠳᠤ ᠬᠤᠪᠢᠶᠠᠨ ︽ᠭᠤᠷᠪᠠ ᠶᠢ ᠲᠣᠭᠲᠠᠭᠠᠬᠤ︾ ᠲᠣᠭᠲᠠᠭᠠᠯ ᠤᠨ ᠰᠤᠷᠤᠯᠴᠠᠯᠭ᠎ᠠ ᠶᠢ ᠥᠷᠨᠢᠭᠦᠯᠬᠦ ᠬᠡᠷᠡᠭᠲᠡᠶ᠂ ᠢᠯᠠᠩᠭᠤᠶ᠎ᠠ ᠡᠭᠦᠷᠭᠡ ᠴᠢᠳᠠᠪᠤᠷᠢ ᠶᠢ ᠬᠤᠪᠢᠶᠠᠷᠢᠯᠠᠨ ᠰᠢᠯᠵᠢᠭᠦᠯᠬᠦ ᠶᠠᠪᠤᠳᠠᠯ ᠭᠠᠷᠤᠭᠰᠠᠨ ᠨᠢᠭᠡᠴᠢ ᠨᠦᠭᠦᠳ ᠨᠡᠩ ᠴᠤ ᠪᠣᠳᠠᠲᠠᠶ ᠠᠵᠢᠯ ᠤᠨ ᠳᠤᠮᠳᠠ ᠪᠠᠨ ᠰᠤᠷᠤᠯᠴᠠᠬᠤ ᠠᠭᠤᠯᠭ᠎ᠠ ᠪᠠᠨ ᠨᠡᠶᠢᠯᠡᠭᠦᠯᠵᠦ᠂ ᠰᠤᠷᠤᠯᠴᠠᠬᠤ ᠬᠠᠷᠠᠯᠲᠠ ᠪᠠ ᠡᠭᠦᠷᠭᠡ ᠪᠠᠨ ᠲᠣᠳᠣᠷᠬᠠᠶ ᠪᠣᠯᠭᠠᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠬᠦ ᠨᠠᠷᠢᠨ ᠲᠠᠩᠰᠠ ᠶᠢ ᠦᠨᠳᠦᠰᠦᠯᠡᠨ᠂ ᠲᠤᠰᠬᠠᠶ ᠰᠡᠳᠦᠪᠲᠦ ᠰᠤᠷᠤᠯᠴᠠᠯᠭ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ︽ᠭᠤᠷᠪᠠ ᠶᠢ ᠲᠣᠭᠲᠠᠭᠠᠬᠤ︾ ᠲᠣᠭᠲᠠᠭᠠᠯ ᠳᠠᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠠᠵᠢᠯ ᠤᠨ ᠪᠠᠶᠢᠷᠢ ᠵᠥᠷᠢᠭᠰᠡᠨ ᠴᠡᠭ ᠢ ᠴᠠᠭ ᠲᠤᠬᠠᠶ ᠳᠤᠨᠢ ᠢᠯᠡᠷᠡᠭᠦᠯᠦᠨ ᠡᠷᠢᠵᠦ ᠂ ᠡᠭᠦᠷᠭᠡ ᠬᠠᠷᠢᠭᠤᠴᠠᠯᠭ᠎ᠠ ᠶᠢᠨ ᠴᠡᠭ ᠢ ᠣᠨᠣᠪᠴᠢᠲᠠᠶ ᠵᠠᠯᠠᠷᠠᠭᠤᠯᠬᠤ ᠪᠠ ᠳᠣᠭᠢᠷᠠᠭᠤᠯᠤᠨ᠎ᠠ︔ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠥᠭᠡᠷᠡᠴᠢᠯᠡᠯᠲᠡ ᠶᠢᠨ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠳᠣᠤᠷ᠎ᠠ ᠬᠠᠭᠠᠰ ᠵᠢᠯ ᠤᠨ ᠲᠤᠰᠬᠠᠶ ᠪᠠᠶᠢᠴᠠᠭᠠᠨ ᠰᠤᠳᠤᠯᠤᠯᠲᠠ ᠪᠠ ᠰᠤᠷᠪᠤᠯᠵᠢᠯᠠᠬᠤ ᠲᠥᠯᠥᠪᠯᠡᠭᠡ ᠶᠢ ᠴᠠᠭ ᠲᠤᠬᠠᠶ ᠳᠤᠨᠢ ᠲᠣᠭᠲᠠᠭᠠᠪᠠ︔ ᠡᠭᠦᠨ ᠤ ᠵᠡᠷᠭᠡ ᠳᠤ᠂ ᠥᠭᠡᠷᠡᠴᠢᠯᠡᠯᠲᠡ ᠶᠢᠨ ᠳᠠᠷᠠᠭᠠᠬᠢ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠣᠯᠤᠨ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ  ᠤᠶᠢᠯᠭᠠᠨ᠎ᠠ᠃    ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ ᠶᠢ ᠠᠵᠢᠯ ᠤᠨ ᠠᠵᠢᠯᠯᠠᠭᠠᠨ ᠤ ᠲᠦᠭᠵᠢᠷᠡᠯ ᠢ ᠢᠳᠡᠪᠬᠢᠲᠡᠶ ᠠᠷᠢᠯᠭᠠᠵᠤ᠂ ᠳᠡᠭᠡᠷ᠎ᠡ ᠬᠠᠭᠠᠰ ᠵᠢᠯ ᠳᠤ᠂ ᠡᠩ ᠲᠡᠷᠢᠭᠦᠨ ᠳᠤ 6 ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠪᠠ 1 ᠪᠠᠯᠭᠠᠰᠤᠨ ᠤ 6 ᠠᠯᠪᠠᠨ ᠬᠡᠷ ᠲᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠬᠠᠤᠯᠢ ᠶᠣᠰᠣᠭᠠᠷ ᠲᠤᠭᠤᠷᠢᠭ‌‍ᠢᠶ᠋ᠠᠨ ᠵᠠᠰᠠᠬᠤ ᠬᠠᠮᠢᠶ᠎ᠠ ᠪᠥᠬᠦᠶ ᠡᠭᠦᠷᠭᠡ ᠬᠠᠷᠠᠯᠲᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠬᠤᠲᠠ᠂ ᠲᠣᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠪᠠᠯᠭᠠᠰᠤ᠂ ᠵᠡᠭᠡᠯᠢ ᠭᠤᠳᠤᠮᠵᠢ ᠶᠢᠨ ᠬᠠᠮᠲᠤ ᠪᠠᠷ ᠡᠭᠦᠷᠭᠡᠯᠡᠬᠦ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠣᠯᠠᠨ ᠨᠡᠶᠢᠲᠡ ᠶᠢᠨ  ᠤᠶᠢᠯᠡᠴᠢᠯᠡᠭᠡᠨ ᠤ  ᠵᠤᠶᠢᠯᠡᠰ ᠤᠨ ᠨᠠᠷᠢᠨ ᠲᠠᠩᠰᠠ ᠶᠢ ᠳᠠᠬᠢᠨ ᠡᠮᠬᠢᠯᠡᠨ ᠳᠢᠭᠯᠡᠪᠡ︔ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠥᠭᠡᠷᠡᠴᠢᠯᠡᠯᠲᠡ ᠶᠢᠨ ᠦᠨᠡᠯᠡᠨ ᠵᠢᠱᠢᠬᠦ ᠳᠤᠭᠤᠶᠢᠯᠠᠩ ᠤᠨ ᠲᠤᠬᠠᠶ ᠶᠢᠨ ᠲᠠᠯᠠᠪᠤᠷ ᠤᠨ ᠰᠢᠪᠠᠳᠠᠨ ᠪᠠᠶᠢᠴᠠᠭᠠᠭᠰᠠᠨ ᠰᠠᠨᠠᠯ ᠳᠤ ᠴᠢᠭᠯᠡᠭᠦᠯᠦᠨ᠂ ᠴᠡᠭᠡᠯ ᠠᠭᠤᠯᠠ ᠪᠠᠯᠭᠠᠰᠤ ᠬᠢᠭᠡᠳ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠣᠷᠣᠰᠢᠵᠤ ᠪᠠᠶᠢᠭ᠎ᠠ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠵᠣᠯᠭᠠᠯᠴᠠᠭ᠎ᠠ ᠰᠢᠯᠤᠭᠤᠨ ᠪᠤᠰᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠴᠠᠭ ᠲᠤᠬᠠᠶ ᠳᠤᠨᠢ ᠰᠠᠨᠠᠯ ᠢᠶᠠᠨ ᠬᠠᠷᠢᠭᠤ ᠲᠤᠰᠬᠠᠬᠤ ᠪᠠ ᠰᠠᠨᠠᠯ ᠢᠶᠠᠨ ᠰᠣᠯᠢᠯᠴᠠᠵᠤ᠂ ᠦᠨᠳᠦᠰᠦᠨ ᠱᠠᠲᠤᠨ ᠤ ᠠᠵᠢᠯ ᠤᠨ ᠵᠥᠷᠢᠴᠡᠯ ᠢ ᠠᠷᠢᠯᠭᠠᠪᠠ᠃     ᠥᠪᠡᠷᠲᠡᠭᠡᠨ ᠪᠠᠶᠢᠴᠠᠭᠠᠬᠤ ᠪᠠ ᠳᠡᠭᠡᠳᠦ ᠱᠠᠲᠤᠨ ᠤ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠪᠠᠷ ᠳᠡᠮᠵᠢᠨ᠂  ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠪᠥᠬᠦ ᠲᠤᠭᠤᠷᠢᠭ ᠤᠨ ᠡᠯ᠎ᠡ  ᠵᠤᠶᠢᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠡᠭᠦᠳᠦᠨ ᠥᠭᠴᠦ᠂ ᠬᠠᠶᠢᠷᠤᠪ ᠤᠨ ᠲᠣᠬᠤᠶ  ᠲᠣᠭᠤᠷᠢᠭ ᠤᠨ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠰᠢᠬᠦ ᠳᠤ ᠬᠡᠪ ᠳᠠᠭᠤᠷᠢᠶᠠᠯ ᠲᠣᠭᠲᠠᠭᠠᠨ ᠥᠭᠴᠦ᠂ ᠳᠤᠲᠠᠭᠤᠳᠠᠯ ᠢ ᠭᠦᠨᠵᠡᠭᠡᠶ ᠪᠠᠶᠢᠴᠠᠭᠠᠨ ᠨᠥᠬᠦᠪᠥᠷᠢᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号