ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠳᠤ ᠭᠠᠷ ᠬᠤᠯᠪᠣᠨ ᠢᠯᠠᠯᠲᠠ ᠣᠯᠰᠤᠭᠠᠢ
ᠨᠡᠶᠢᠲᠡᠯᠡᠭᠰᠡᠨ ᠴᠠᠭ᠄
2022/8/10
      8 ᠰᠠᠷ᠎ᠠ ᠶᠢᠨ 5᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠲᠤ ᠨᠢᠭᠡ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠶᠢᠨ ᠴᠢᠨᠠᠷᠲᠠᠢ ᠬᠥᠮᠦᠰ ᠢ ᠢᠯᠡᠷᠡᠭᠦᠯᠪᠡ᠃ ᠪᠥᠬᠦ  ᠲᠣᠭᠤᠷᠢᠭ ᠦᠳᠲᠡᠷ ᠲᠦᠷᠭᠡᠨ ᠢᠶᠠᠷ ᠲᠡᠶᠢᠨ ᠤ ᠦᠶ᠎ᠡ ᠶᠢᠨ ᠪᠠᠶᠢᠳᠠᠯ ᠳᠤ ᠣᠷᠣᠵᠤ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠥᠬᠦ ᠨᠠᠮ ᠤᠨ ᠭᠡᠰᠢᠭᠦᠨ᠂ ᠡᠮᠨᠡᠯᠭᠡ ᠶᠢᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠦᠨᠳᠦᠰᠦᠨ ᠱᠠᠲᠤᠨ ᠤ ᠠᠵᠢᠯᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠪᠥᠬᠦ ᠬᠦᠴᠦᠨ ᠢᠶᠠᠷ ᠢᠶᠠᠨ ᠣᠷᠣᠯᠴᠠᠵᠤ᠂ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠴᠢᠳᠠᠯ ᠢᠶᠠᠨ ᠡᠷᠭᠦᠪᠡ᠃      ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠳᠲᠡᠷ ᠲᠦᠷᠭᠡᠨ ᠬᠥᠳᠡᠯᠦᠯᠴᠡᠵᠦ᠂ ᠵᠢᠯᠤᠭᠤᠳᠤᠯᠭ᠎ᠠ ᠶᠢ ᠳᠠᠭᠠᠵᠤ᠂ ᠲᠤᠬᠢᠷᠠᠭᠤᠯᠤᠯᠲᠠ ᠶᠢ ᠳᠠᠭᠠᠵᠤ᠂ ᠰᠠᠨᠠᠭᠠᠴᠢᠯᠠᠭ᠎ᠠ ᠠᠴᠠ ᠪᠠᠨ ᠲᠠᠭᠠᠷᠢᠯᠳᠡ ᠬᠢᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠰᠠᠭᠠᠨ ᠪᠠᠶᠢᠴᠠᠭᠠᠬᠤ ᠲᠠᠶᠢᠴᠢᠯᠠᠯᠳᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠪᠠᠭ᠎ᠠ ᠲᠣᠭᠤᠷᠢᠭ ᠲᠤ ᠬᠤᠯᠪᠤᠭᠠᠯᠠᠨ ᠳᠠᠭᠠᠭᠠᠴᠢᠯᠠᠵᠤ᠂ ᠬᠤᠯᠪᠤᠭᠠᠯᠠᠨ ᠳᠠᠭᠠᠭᠠᠴᠢᠯᠠᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃  ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ︽ᠬᠤᠣᠰ ᠨᠡᠷ᠎ᠡ ᠮᠡᠳᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠬᠤᠰᠢᠭᠤᠴᠢ ᠵᠢᠱᠢᠶᠡᠴᠢ ᠶᠢᠨ ᠤᠶᠢᠯᠡᠳᠤᠯ ᠢ ᠪᠠᠳᠠᠷᠠᠭᠤᠯᠵᠤ᠂ ᠺᠠᠷᠲ ᠬᠡᠷᠡᠭᠯᠡᠬᠦ ᠴᠡᠭ ᠢ ᠵᠢᠵᠢᠭᠦᠷᠯᠡᠨ ᠰᠠᠬᠢᠬᠤ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠣᠤᠷ ᠲᠠᠲᠠᠬᠤ ᠮᠠᠶ᠋ᠢᠭ ᠤᠨ᠂ ᠬᠡᠪᠢᠰ ᠮᠠᠶ᠋ᠢᠭ ᠤᠨ ︽ᠡᠭᠦᠳᠡ ᠲᠣᠭᠰᠢᠵᠤ ᠡᠷᠦᠬᠡ ᠳᠤ ᠣᠷᠣᠬᠤ︾ ᠠᠵᠢᠯᠯᠠᠭ᠎ᠠ ᠶᠢ ᠬᠡᠷᠡᠭᠵᠢᠭᠦᠯᠦᠨ᠂ ︽ᠴᠠᠭ ᠲᠤᠬᠠᠶ ᠳᠤᠨᠢ ᠵᠢᠭᠰᠠᠭᠠᠵᠤ ᠴᠠᠭ ᠲᠤᠬᠠᠶ ᠳᠤᠨᠢ ᠳᠡᠩᠰᠡᠯᠡᠨ ᠲᠡᠮᠳᠡᠭᠯᠡᠬᠦ᠂ ᠴᠠᠭ ᠲᠤᠬᠠᠶ ᠳᠤᠨᠢ ᠢᠯᠡᠷᠡᠭᠦᠯᠵᠦ ᠴᠠᠭ ᠲᠤᠬᠠᠶ ᠳᠤᠨᠢ ᠳᠠᠶᠢᠴᠢᠯᠠᠬᠤ︾ ᠵᠠᠷᠴᠢᠮ ᠶᠣᠰᠣᠭᠠᠷ ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠭᠡᠳᠦᠶ ᠬᠥᠮᠦᠰ ᠢ ᠴᠠᠭ ᠲᠤᠬᠠᠶ ᠳᠤᠨᠢ ᠳᠠᠶᠢᠴᠢᠯᠠᠨ ᠠᠬᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ 112 ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠤ ᠪᠠᠶᠢᠭ᠎ᠠ 1700 ᠭᠠᠷᠤᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠢᠳᠡᠪᠬᠢᠲᠡᠢ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠤᠬᠴᠢ ᠪᠠᠶᠢᠯᠳᠤᠭᠴᠢ᠂ ᠲᠠᠭᠠᠭᠤᠯᠤᠭᠴᠢ ᠪᠤᠯᠵᠤ᠂ ᠪᠦᠬᠦ ᠲᠣᠭᠤᠷᠢᠭ ᠤᠨ ᠠᠷᠠᠳ ᠲᠦᠮᠡᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃     ᠰᠠᠭᠤᠭᠠᠯᠢ ᠠᠷᠠᠳ ᠤᠯᠠᠨ ᠢ ᠢᠲᠡᠭᠡᠮᠵᠢᠲᠡᠢ᠂ ᠨᠠᠶᠢᠳᠠᠪᠤᠷᠢᠲᠠᠢ ᠪᠣᠯᠭᠠᠬᠤ ᠶᠢᠨ ᠲᠥᠯᠥᠭᠡ᠂ ᠦᠨᠳᠦᠰᠦᠨ ᠱᠠᠲᠤᠨ ᠤ ᠠᠵᠢᠯᠲᠠᠳ ᠬᠠᠶᠢᠷᠤᠪ ᠤᠨ ᠲᠤᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠲᠦᠷᠭᠡᠨ᠂ ᠣᠨᠣᠪᠴᠢᠲᠠᠢ᠂ ᠴᠢᠩᠭ᠎ᠠ᠂ ᠪᠣᠳᠠᠲᠠᠢ᠂ ᠨᠠᠷᠢᠯᠢᠭ ᠠᠵᠢᠯ ᠤᠨ ᠰᠤᠷᠲᠠᠯ ᠢᠶᠠᠷ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠡᠷᠤᠭᠡ ᠳᠤ ᠬᠦᠷᠴᠦ ᠵᠢᠭᠰᠠᠭᠠᠨ ᠪᠠᠶᠢᠴᠠᠭᠠᠵᠤ᠂ ᠡᠭᠦᠳᠡ ᠶᠢ ᠰᠠᠶᠢᠲᠤᠷ ᠰᠠᠬᠢᠵᠤ᠂ ᠪᠣᠭᠤᠮᠲᠠ ᠶᠢ ᠰᠠᠶᠢᠲᠤᠷ ᠰᠠᠬᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢ ᠦᠢᠯᠡᠳᠦᠯᠭᠡᠵᠢᠭᠦᠯᠪᠡ᠃ ᠲᠡᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠭᠠᠭᠢᠮ᠎ᠠ ᠬᠠᠯᠠᠭᠤᠨ ᠢ ᠰᠥᠷᠴᠦ᠂ ᠶᠡᠭᠡ ᠪᠣᠷᠣᠭᠠᠨ ᠢ ᠰᠦᠷᠴᠦ᠂ ᠮᠠᠶᠢᠬᠠᠨ ᠪᠤᠰᠬᠠᠵᠤ᠂ ᠡᠳ᠋ ᠪᠣᠳᠠᠰ ᠵᠥᠭᠡᠭᠡᠪᠦᠷᠢᠯᠡᠵᠦ᠂ ᠰᠡᠷᠭᠡᠶᠢᠯᠡᠯᠲᠡ ᠶᠢᠨ ᠱᠤᠭᠤᠮ ᠲᠠᠲᠠᠵᠤ᠂ ᠲᠠᠯᠠᠪᠤᠷ ᠭᠠᠵᠠᠷ ᠢ ᠴᠡᠪᠡᠷᠯᠡᠨ ᠠᠷᠢᠭᠤᠳᠬᠠᠵᠤ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ ᠳᠤ ᠬᠦᠴᠦ ᠨᠡᠮᠡᠷᠢᠯᠡᠪᠡ ᠁ ᠭᠠᠵᠠᠷ ᠪᠣᠯᠭᠠᠨ ᠳᠤ ᠲᠡᠳᠡᠨ ᠤ ᠶᠠᠭᠠᠷᠠᠯᠲᠠᠢ ᠪᠠᠷ᠎ᠠ ᠬᠠᠷᠠᠭᠳᠠᠨ᠎ᠠ᠃       ᠠᠷᠠᠳ ᠤᠨ ᠲᠤᠰᠠᠯᠠᠬᠤ ᠴᠠᠭᠳᠠᠭ᠎ᠠ ᠨᠠᠷ ᠡᠷᠡᠰ ᠰᠢᠭᠤᠷᠬᠠᠶ ᠰᠥᠰᠥ ᠵᠣᠷᠢᠭ ᠪᠠ ᠰᠢᠨᠲᠠᠷᠠᠰᠢ ᠥᠬᠡᠶ ᠡᠷᠡᠰ ᠵᠣᠷᠢᠭ ᠢᠶᠠᠷ ᠲᠣᠰ ᠤᠳᠠᠭᠠᠨ ᠤ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠤᠭᠲᠤᠨ ᠪᠠᠶᠢᠯᠳᠤᠵᠤ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠡᠷᠡᠰ ᠢᠶᠠᠷ ᠰᠠᠬᠢᠨ ᠬᠠᠮᠠᠭᠠᠯᠠᠵᠤ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ  ᠲᠤᠪᠴᠢᠶ᠎ᠠ ᠬᠠᠮᠤᠭ ᠤᠨ ᠲᠦᠷᠦᠭᠦᠨ ᠳᠤ ᠳᠡᠭᠡᠳᠦ ᠲᠡᠰ ᠤᠨ ᠦᠢᠯᠡᠴᠢᠯᠡᠭᠡ ᠶᠢ ᠡᠬᠢᠯᠡᠭᠦᠯᠵᠦ᠂ 390 ᠭᠠᠷᠤᠢ ᠴᠠᠭᠳᠠᠭ᠎ᠠ 24 ᠴᠠᠭ ᠢᠶᠠᠷ ᠵᠢᠵᠢᠭᠦᠷᠯᠡᠬᠦ ᠦᠢᠯᠡᠴᠢᠯᠡᠭᠡ ᠶᠢ ᠬᠡᠷᠡᠭᠵᠢᠭᠦᠯᠵᠦ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠣᠬᠤᠷ ᠬᠤᠭᠤᠴᠠᠭ᠎ᠠ᠂ ᠬᠠᠮᠤᠭ ᠤᠨ ᠴᠢᠩᠭ᠎ᠠ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠵᠠᠬ᠎ᠠ ᠳᠤ ᠬᠦᠷᠴᠦ᠂ ᠲᠣᠭᠲᠠᠭᠤᠨ ᠢ ᠬᠠᠮᠠᠭᠠᠯᠠᠬᠤ᠂ ᠡᠮᠬᠢ ᠳᠢᠭᠯᠢᠮ ᠢ ᠬᠠᠮᠠᠭᠠᠯᠠᠬᠤ᠂ ᠪᠣᠭᠤᠮᠲᠠ ᠪᠠᠶᠢᠭᠤᠯᠤᠨ ᠪᠠᠶᠢᠴᠠᠭᠠᠬᠤ ᠪᠠ ᠠᠷᠠᠳ ᠲᠦᠮᠡᠨ ᠳᠤ ᠦᠢᠯᠡᠴᠢᠯᠡᠬᠦ ᠵᠡᠷᠭᠡ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠡᠢ᠃ ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠪᠠᠰᠠ ᠭᠤᠣᠯᠳᠠᠯᠭ᠎ᠠ ᠲᠠᠢ ᠣᠷᠣᠨ ᠪᠠᠶᠢᠷᠢ ᠵᠢᠴᠢ ᠠᠭᠤᠳᠠᠮ ᠲᠠᠯᠠᠪᠠᠢ᠂ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠵᠡᠷᠭᠡ ᠬᠥᠮᠦᠰ ᠤᠨ ᠠᠮᠠᠷᠬᠠᠨ ᠴᠤᠭᠯᠠᠷᠠᠳᠠᠭ ᠭᠠᠵᠠᠷ ᠢ ᠲᠣᠭᠤᠷᠢᠨ ᠴᠠᠭᠳᠠᠬᠤ ᠪᠠ ᠠᠮᠤᠷ ᠲᠦᠪᠰᠢᠨ ᠤ ᠬᠠᠮᠠᠭᠠᠯᠠᠯᠲᠠ ᠪᠠᠨ ᠲᠠᠰᠤᠷᠠᠯᠳᠡ ᠦᠭᠡᠢ ᠴᠢᠩᠭᠠᠳᠬᠠᠪᠠ︔ ᠬᠠᠷᠢᠶᠠᠲᠤ ᠣᠷᠣᠨ ᠤ ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ KTV ᠵᠡᠷᠭᠡ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠲᠠᠯᠠᠪᠤᠷ ᠭᠠᠵᠠᠷ ᠢ ᠡᠷᠡᠰ ᠴᠢᠩᠭ᠎ᠠ  ᠰᠢᠢᠤᠡᠪᠤᠷᠢᠯᠡᠵᠤ᠂ ᠬᠠᠷᠢᠶᠠᠲᠤ ᠣᠷᠣᠨ ᠤ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ᠃   ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠠᠷᠤᠢ ᠲᠦᠷᠭᠡᠨ ᠬᠥᠳᠡᠯᠦᠯᠴᠡᠵᠦ᠂ ᠪᠠᠶᠢᠭᠤᠯᠤᠯᠭ᠎ᠠ ᠶᠢᠨ ᠪᠦᠬᠦ ᠺᠠᠲᠡᠷᠴᠤᠤᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠵᠤ᠂ ᠪᠦᠬᠦ ᠠᠵᠢᠯᠳᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠣᠷᠣᠯᠴᠠᠪᠠ᠃ ᠡᠭᠦᠨ ᠤ ᠵᠡᠷᠭᠡᠪᠡᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠪᠦᠬᠦ ᠲᠤᠭᠤᠷᠢᠭ ᠤᠨ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠦᠷᠦᠭᠦᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠵᠢᠱᠢᠶᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠪᠠᠶᠢᠭ᠎ᠠ ᠠᠵᠢᠯ ᠲᠦᠷᠦᠯ᠂ ᠠᠵᠢᠯ ᠤᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠪᠠᠲᠤᠯᠠᠬᠤ ᠠᠵᠢᠯ ᠳᠤ ᠣᠷᠣᠯᠴᠠᠬᠤ ᠶᠢ ᠢᠳᠡᠪᠬᠢᠲᠡᠢ ᠰᠠᠨᠠᠭᠠᠴᠢᠯᠠᠨ ᠤᠷᠢᠶᠠᠯᠠᠪᠠ᠃ ᠨᠢᠭᠡᠳᠦᠭᠡᠷ ᠹᠷᠣᠨᠲ ᠲᠤ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠠᠨ ᠲᠦᠮᠡᠨ ᠢ ᠢᠳᠡᠪᠬᠢᠲᠡᠢ ᠪᠠᠷ ᠲᠠᠶᠢᠴᠢᠯᠠᠨ ᠥᠪᠡᠷ ᠢ ᠪᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠡᠳ᠋ ᠪᠣᠳᠠᠰ ᠢ ᠵᠣᠬᠢᠴᠠᠭᠤᠯᠵᠤ᠂ ᠪᠦᠬᠦ ᠠᠵᠢᠯᠳᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠰᠠᠶᠢᠲᠤᠷ ᠬᠢᠬᠦ ᠳᠤ ᠲᠦᠷᠦᠭᠦᠯᠡᠨ ᠣᠷᠣᠯᠴᠠᠪᠠ︔ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠬᠦᠷᠴᠦ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠨᠠᠮ ᠤᠨ ᠭᠡᠰᠢᠭᠦᠨ ᠤ ᠡᠯ᠎ᠡ ᠠᠵᠤ ᠠᠬᠤᠶᠢᠯᠠᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢᠳᠡᠪᠬᠢᠲᠡᠶ ᠪᠠᠷ ᠬᠥᠳᠡᠯᠦᠯᠴᠡᠵᠦ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠢ ᠴᠢᠷᠮᠠᠶᠢᠨ ᠰᠠᠶᠢᠲᠤᠷ ᠬᠢᠬᠦ ᠶᠢᠨ ᠬᠠᠮᠲᠤ ᠬᠠᠶᠢᠷ᠎ᠠ ᠬᠠᠯᠠᠮᠵᠢ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠬᠠᠷᠢᠭᠤᠴᠠᠯᠭ᠎ᠠ ᠶᠢ ᠪᠡᠶ᠎ᠡ ᠪᠠᠷ ᠢᠶᠠᠨ ᠲᠦᠷᠦᠭᠦᠯᠡᠨ ᠡᠭᠦᠷᠭᠡᠯᠡᠪᠡ᠃     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠭᠦᠢᠴᠡᠳ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠦᠢᠯᠡᠳᠦᠯᠭᠡᠵᠢᠭᠦᠯᠪᠡ᠃ ᠲᠡᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠢᠳᠡᠪᠬᠢᠲᠡᠢ ᠣᠷᠣᠯᠴᠠᠵᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯ ᠳᠤ ᠬᠠᠯᠠᠭᠤᠨ ᠰᠡᠳᠬᠢᠯ ᠢᠶᠠᠷ ᠣᠷᠣᠯᠴᠠᠵᠤ᠂ ᠪᠥᠭᠡᠮ ᠬᠦᠴᠢᠯ ᠤᠨ ᠦᠯᠢᠭᠡᠷ ᠠᠪᠬᠤ ᠲᠤᠬᠠᠢ ᠶᠢᠨ ᠲᠠᠯᠠᠪᠠᠢ᠂ ᠲᠠᠯᠠᠪᠤᠷ ᠪᠠᠶᠢᠷᠢᠯᠠᠭᠤᠯᠬᠤ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠬᠤ᠂ ᠮᠡᠳᠡᠭᠡ ᠵᠠᠩᠭᠢ ᠶᠢ ᠣᠷᠣᠭᠤᠯᠬᠤ᠂ ᠤᠯᠠᠨ ᠲᠦᠮᠡᠨ ᠳᠤ ᠠᠮᠠᠪᠴᠢ ᠵᠡᠭᠦᠬᠦ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠢ ᠲᠦᠰᠢᠬᠦ ᠵᠡᠷᠭᠡ ᠠᠵᠢᠯ ᠤᠨ ᠳᠤᠮᠳᠠ ᠲᠡᠳᠡᠨ ᠤ ᠶᠠᠭᠠᠷᠠᠯᠲᠠᠢ ᠠᠵᠢᠯᠯᠠᠭ᠎ᠠ ᠶᠢ ᠦᠯᠡᠳᠡᠭᠡᠵᠦ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠡᠢ᠃ ᠡᠭᠦᠨ ᠤ ᠵᠡᠷᠭᠡ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠᠰᠠ ᠡᠳ᠋ ᠮᠥᠩᠭᠦ ᠡᠳ᠋ ᠪᠣᠳᠠᠰ ᠬᠠᠨᠳᠢᠪᠯᠠᠬᠤ ᠠᠷᠭ᠎ᠠ ᠮᠠᠶ᠋ᠢᠭ ᠢᠶᠠᠷ ᠲᠣᠰ ᠤᠳᠠᠭᠠᠨ ᠤ ᠳᠠᠶᠢᠯᠠᠯᠳᠤᠭᠠᠨ ᠳᠤ ᠣᠷᠣᠯᠴᠠᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ ᠪᠠᠷ ᠠᠵᠢᠯ ᠬᠢᠬᠦ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ᠂ ᠥᠯᠢᠭᠡᠷ ᠳᠠᠭᠤᠷᠢᠶᠠᠯ ᠪᠣᠯᠬᠤ ᠰᠢᠨ᠎ᠡ ᠳᠦᠷᠰᠦ ᠪᠠᠶᠢᠳᠠᠯ ᠢ  ᠭᠦᠢᠴᠡᠤᠡ ᠢᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠪᠠᠶᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠪᠡ᠃      ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠳᠤᠮᠳᠠ᠂ ᠪᠥᠬᠦ ᠲᠤᠭᠤᠷᠢᠭ ᠤᠨ ᠡᠯ᠎ᠡ ᠠᠵᠢᠯ ᠲᠥᠷᠥᠯ ᠤᠨ ᠬᠥᠮᠦᠰ ᠴᠥᠮ ᠬᠤᠪᠢᠶᠠᠷᠢᠯᠠᠯᠲᠠ ᠶᠢ ᠳᠠᠭᠠᠵᠤ᠂ ᠦᠳᠲᠡᠷ ᠲᠦᠷᠭᠡᠨ ᠢᠶᠠᠷ ᠠᠵᠢᠯ ᠤᠨ ᠪᠠᠶᠢᠷᠢ ᠳᠤ ᠭᠠᠷᠴᠤ᠂ ᠳᠦᠷᠢ ᠲᠥᠷᠬᠦ ᠳᠡᠭᠡᠨ ᠣᠷᠣᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠬᠠᠮᠵᠢᠯᠴᠠᠵᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠴᠤᠭᠯᠠᠭᠤᠯᠬᠤ᠂ ᠡᠮᠬᠢ ᠵᠢᠷᠤᠮ ᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠵᠦ ᠪᠠᠶᠢᠨ᠎ᠠ᠃ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢ ᠴᠥᠮ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠭᠦᠢᠴᠡᠳᠬᠡᠵᠦ᠂ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ ᠦᠭᠡ ᠳᠠᠭᠤᠨ ᠦᠭᠡᠢ ᠪᠠᠷ ᠵᠢᠳᠬᠦᠬᠦ ᠪᠠᠷ᠎ᠠ ᠰᠡᠭᠦᠳᠡᠷ ᠦᠯᠡᠳᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠨ ᠨᠢᠭᠡᠪᠦᠷᠢ ᠶᠢ ᠨᠥᠯᠥᠭᠡᠯᠡᠵᠦ᠂  ︽ᠬᠢᠵᠢᠭ︾᠎ ᠢ ᠯᠠᠪᠲᠠᠢ ᠢᠯᠠᠬᠤ ᠶᠢ ᠬᠥᠮᠦᠰ ᠲᠤ ᠪᠠᠲᠤ ᠢᠲᠡᠭᠡᠭᠦᠯᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号