ᠬᠢᠵᠢᠭ ᠤᠨ ᠪᠠᠶᠢᠳᠠᠯ ᠳᠣᠣᠷ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠮᠢᠳᠤᠷᠠᠯ ᠤᠨ ᠡᠳ᠋ ᠪᠣᠳᠠᠰ ᠤᠨ | ᠬᠠᠩᠭᠠᠯᠭ᠎ᠠ ᠭᠦᠢᠴᠡᠳ ᠪᠠᠶᠢᠨ᠎ᠠ ᠤᠤ︖ 8 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠰᠢᠨ ᠶᠠᠩ ᠱᠢ ᠳ᠋ᠠᠢ | ᠠᠭᠤᠳᠠᠮ ᠲᠠᠯᠠᠪᠠᠶ ᠪᠣᠯᠤᠨ ᠬᠡᠰᠡᠭ ᠭᠤᠤᠯᠳᠠᠯᠭ᠎ᠠ ᠲᠠᠢ ᠬᠤᠳᠠᠯᠳᠤᠭᠠᠨ ᠤ ᠬᠡᠲᠦ ᠳᠡᠯᠭᠡᠭᠦᠷ ᠲᠤ ᠬᠦᠷᠴᠦ | ᠣᠶᠢᠯᠠᠭᠠᠭᠰᠠᠨ ᠢᠶᠠᠷ᠂ ᠣᠳᠣᠬᠠᠨ ᠳᠤ ᠬᠠᠶᠢᠷᠤᠪ ᠤᠨ ᠲᠣᠬᠤᠶ ᠲᠣᠭᠤᠷᠢᠭ ᠤᠨ ᠢᠳᠡᠰᠢᠨ ᠨᠣᠭᠤᠭ᠎ᠠ ᠶᠢ ᠪᠥᠭᠡᠮ ᠢᠶᠠᠷ | ᠲᠡᠭᠡᠭᠡᠪᠦᠷᠢᠯᠡᠬᠦ ᠶᠠᠪᠤᠳᠠᠯ ᠬᠡᠪ ᠤᠨ ᠪᠠᠶᠢᠳᠠᠯ ᠢᠶᠠᠷ ᠶᠠᠪᠤᠭᠳᠠᠵᠤ᠂ ᠡᠯ᠎ᠡ ᠲᠣᠮᠣ ᠬᠡᠲᠦ ᠳᠡᠯᠭᠡᠭᠦᠷ ᠤᠨ ᠪᠠᠷᠠᠭ᠎ᠠ | ᠪᠡᠯᠡᠳᠬᠡᠬᠦ ᠨᠢ ᠭᠦᠢᠴᠡᠤᠡ᠂ ᠬᠠᠩᠭᠠᠯᠭ᠎ᠠ ᠶᠢᠨ ᠬᠡᠯᠬᠢᠶ᠎ᠡ ᠶᠢᠨ ᠪᠥᠬᠦ ᠬᠡᠯᠬᠢᠶ᠎ᠡ ᠰᠠᠭᠠᠳ ᠥᠬᠡᠶ ᠨᠡᠪᠲᠡᠷᠡᠵᠦ᠂ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠦᠨ᠎ᠡ ᠬᠠᠩᠰᠢ ᠲᠣᠭᠲᠠᠭᠤᠨ ᠪᠠᠶᠢᠨ᠎ᠠ᠃ ᠡᠭᠦᠨ ᠤ ᠵᠡᠷᠭᠡ ᠳᠤ | ᠬᠤᠲᠠ ᠶᠢᠨ ᠠᠷᠠᠳ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠪᠠᠷ ᠬᠠᠮᠵᠢᠯᠴᠠᠨ᠂ ᠠᠮᠠᠪᠴᠢ ᠵᠡᠭᠦᠵᠦ᠂ ᠡᠷᠡᠭᠦᠯ ᠮᠡᠨᠳᠦ ᠶᠢᠨ | ᠺᠣᠳ᠋ ᠵᠢᠴᠢ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠡᠮᠳᠡᠭ ᠢ ᠬᠠᠶᠢᠷᠤᠪ ᠤᠨ | ᠲᠤᠬᠤᠢ ᠲᠣᠭᠤᠷᠢᠭ ᠲᠠᠬᠢ ᠪᠥᠭᠡᠮ ᠬᠦᠴᠢᠯ ᠤᠨ ᠨᠠᠭᠠᠯᠲᠠ ᠶᠢᠨ ᠴᠠᠭᠠᠰᠤ ᠨᠢ ᠨᠢᠭᠡᠨᠲᠡ ᠤᠯᠠᠨ ᠨᠡᠶᠢᠲᠡ ᠶᠢᠨ | ᠲᠠᠯᠠᠪᠤᠷ ᠢᠶᠠᠷ ᠣᠷᠣᠵᠤ ᠭᠠᠷᠬᠤ ︽ᠤᠷᠤᠰᠬᠠᠯ ᠤᠨ ᠦᠨᠡᠮᠯᠡᠯ︾ ᠪᠣᠯᠤᠭᠰᠠᠨ ᠪᠠᠶᠢᠨ᠎ᠠ᠃ | ︽ᠪᠢ ᠪᠠᠭ᠎ᠠ ᠪᠤᠰᠤ ᠶᠠᠭᠤᠮ᠎ᠠ ᠬᠤᠳᠠᠯᠳᠤᠨ ᠠᠪᠴᠠᠶ᠂ ᠦᠨ᠎ᠡ ᠬᠠᠩᠰᠢ ᠨᠢ ᠶᠡᠷᠦ ᠶᠢᠨ ᠦᠶ᠎ᠡ ᠶᠢᠨ ᠬᠢ ᠲᠠᠢ | ᠪᠠᠷᠤᠭ ᠠᠳᠠᠯᠢ᠂ ᠳᠡᠮᠡᠶ ᠬᠤᠪᠢᠷᠠᠯᠲᠠ ᠦᠭᠡᠢ ᠮᠥᠷᠲᠡᠭᠡᠨ ᠡᠳ᠋ ᠪᠣᠳᠠᠰ ᠤᠨ ᠬᠠᠩᠭᠠᠯᠭ᠎ᠠ ᠪᠠᠰᠠ ᠲᠤᠩ ᠬᠠᠩᠭᠠᠮᠵᠢᠲᠠᠶ | ᠪᠠᠶᠢᠨ᠎ᠠ ᠭᠡᠵᠦ ᠪᠤᠳᠤᠵᠦ ᠪᠠᠶᠢᠨ᠎ᠠ᠃︾ ᠭᠡᠵᠦ ᠬᠡᠳᠦ ᠳᠡᠯᠭᠡᠭᠦᠷ ᠠᠴᠠ ᠲᠠᠸᠠᠷ ᠬᠤᠳᠠᠯᠳᠤᠨ ᠠᠪᠤᠭᠰᠠᠨ ᠸᠠᠩ | ᠠᠪᠠᠭ᠋ᠠᠶ ᠬᠡᠯᠡᠪᠡ᠃ | ︽ᠰᠢᠨ᠎ᠡ ᠲᠢᠲᠢᠮᠯᠢᠭ ᠸᠢᠷᠦ᠋ᠰ ᠪᠣᠯ ᠦᠰᠦᠷᠳᠡᠰᠦ ᠪᠠᠷ ᠳᠡᠮᠵᠢᠨ ᠬᠠᠯᠳᠠᠪᠤᠷᠢᠯᠠᠳᠠᠭ᠃ ᠠᠮᠠᠪᠴᠢ ᠲᠠᠭᠠᠷᠠᠭᠤᠯᠬᠤ | ᠪᠣᠯ ᠬᠠᠮᠤᠭ ᠤᠨ ᠦᠨᠳᠦᠰᠦᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠮᠥᠨ᠂ ᠡᠶᠢᠮᠦ ᠠᠴᠠ ᠪᠢ ᠭᠠᠳᠠᠭᠰᠢ | ᠭᠠᠷᠤᠮᠠᠭᠴᠠ ᠠᠮᠠᠪᠴᠢ ᠵᠡᠭᠦᠳᠡᠭ᠂ ᠠᠰᠠᠷ ᠠᠴᠠ ᠪᠠᠭᠤᠵᠤ ᠨᠣᠭᠤᠭ᠎ᠠ ᠠᠪᠬᠤ ᠪᠠᠷ ᠪᠤᠳᠤᠭᠰᠠᠨ ᠴᠤ ᠬᠡᠵᠢᠶᠡᠳᠡ | ᠵᠡᠭᠦᠳᠡᠭ᠂ ᠨᠢᠭᠡ ᠳᠤ ᠥᠪᠡᠷ ᠢᠶᠠᠨ ᠰᠠᠨᠠᠭ᠎ᠠ ᠠᠮᠤᠷ ᠪᠠᠶᠢᠵᠤ᠂ ᠬᠤᠶᠠᠷ ᠲᠤ ᠪᠠᠰᠠ ᠪᠤᠰᠤᠳ ᠤᠨ ᠠᠮᠤᠷ | ᠲᠦᠪᠰᠢᠨ ᠤ ᠲᠥᠯᠥᠭᠡ ᠪᠠᠶᠢᠳᠠᠭ︾᠃ ᠭᠡᠵᠦ ᠵᠠᠩ ᠠᠪᠤᠭᠠᠶ ᠬᠡᠯᠡᠪᠡ᠃ | | | | ᠣᠶᠢᠯᠠᠭᠠᠭᠰᠠᠨ ᠢᠶᠠᠷ᠂ ᠣᠳᠣᠬᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠮᠢᠳᠤᠷᠠᠯ ᠤᠨ ᠴᠢᠬᠤᠯᠠ | ᠬᠡᠷᠡᠭᠰᠡᠯ ᠤᠨ ᠬᠠᠩᠭᠠᠯᠭ᠎ᠠ ᠭᠦᠢᠴᠡᠳ᠂ ᠠᠵᠢᠯᠯᠠᠭᠠᠨ ᠲᠣᠭᠲᠠᠭᠤᠨ᠂ ᠥᠷᠭᠡᠨ ᠤᠯᠠᠨ ᠬᠤᠳᠠ ᠶᠢᠨ ᠠᠷᠠᠳ ᠤᠨ | ᠡᠳᠦᠷ ᠲᠤᠳᠤᠮ ᠤᠨ ᠬᠡᠷᠡᠭᠴᠡᠭᠡ ᠶᠢ ᠪᠠᠲᠤᠯᠠᠵᠤ ᠴᠢᠳᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠡᠯ᠎ᠡ ᠲᠤᠮᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ | ᠵᠢᠯᠣᠭᠤᠳᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠢᠳᠡᠰᠢᠨ ᠨᠣᠭᠤᠭ᠎ᠠ ᠶᠢᠨ | ᠢᠷᠡᠯᠳᠡ ᠶᠢ ᠲᠣᠭᠲᠠᠪᠤᠷᠢᠵᠢᠭᠤᠯᠤᠨ᠎ᠠ᠃ | | | | | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠦᠨ᠎ᠡ ᠨᠢ ᠶᠠᠮᠠᠷ ᠪᠣᠶ︖ ᠰᠤᠷᠪᠤᠯᠵᠢᠯᠠᠭᠴᠢ ᠠᠮᠤ | ᠪᠤᠳᠠᠭ᠎ᠠ᠂ ᠭᠤᠯᠢᠷ᠂ ᠲᠣᠰᠣ ᠵᠡᠷᠭᠡ ᠶᠢ ᠪᠠᠷᠠᠭᠠᠨ ᠤ ᠲᠠᠯᠪᠢᠭᠤᠷ ᠳᠡᠭᠡᠷ᠎ᠡ ᠲᠦᠭᠦᠷᠡᠲᠡᠯ᠎ᠡ ᠳᠡᠯᠭᠡᠵᠦ ᠪᠠᠶᠢᠬᠤ ᠶᠢ | ᠦᠵᠡᠭᠡᠳ᠂ ᠪᠣᠷᠣᠯᠠᠭᠤᠯᠤᠯᠲᠠ ᠶᠢᠨ ᠪᠠᠶᠢᠳᠠᠯ ᠢ ᠦᠨᠳᠦᠰᠦᠯᠡᠨ ᠪᠠᠷᠠᠭᠠᠨ ᠤ ᠢᠷᠡᠯᠲᠡ ᠶᠢ ᠴᠠᠭ ᠲᠤᠬᠠᠶ ᠳᠤᠨᠢ | ᠨᠥᠬᠦᠪᠥᠷᠢᠯᠡᠵᠦ᠂ ︽ᠦᠨ᠎ᠡ ᠬᠠᠩᠰᠢ ᠥᠰᠬᠦ ᠦᠭᠡᠶ᠂ ᠶᠠᠰᠤ ᠴᠢᠨᠠᠷ ᠪᠠᠭᠤᠷᠠᠬᠤ ᠦᠭᠡᠶ᠂ ᠬᠠᠩᠭᠠᠯᠭ᠎ᠠ ᠲᠠᠰᠤᠷᠠᠬᠤ | ᠦᠭᠡᠶ︾ ᠪᠠᠶᠢᠬᠤ ᠶᠢ ᠪᠡᠶᠡᠯᠡᠭᠦᠯᠵᠡᠶ᠃ | | | | ᠣᠳᠣᠬᠠᠨ ᠳᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠤᠨ ᠬᠡᠲᠦ | ᠳᠡᠯᠭᠡᠭᠦᠷ ᠤᠨ ᠪᠠᠷᠠᠭᠠᠨ ᠤ ᠢᠷᠡᠯᠲᠡ ᠲᠣᠭᠲᠠᠭᠤᠨ᠂ ᠬᠠᠩᠭᠠᠯᠭ᠎ᠠ ᠭᠦᠢᠴᠡᠤᠡ᠂ ᠪᠠᠷᠠᠭᠠᠨ ᠤ ᠦᠨ᠎ᠡ ᠲᠣᠭᠲᠠᠭᠤᠨ | ᠪᠠᠶᠢᠨ᠎ᠠ᠂ ᠬᠤᠲᠠ ᠶᠢᠨ ᠠᠷᠠᠳ ᠬᠤᠳᠠᠯᠳᠤᠨ ᠠᠪᠬᠤ ᠠᠴᠠ ᠪᠠᠨ ᠡᠮᠦᠨ᠎ᠡ ᠬᠤᠳᠠᠯᠳᠤᠨ ᠠᠪᠬᠤ ᠲᠥᠯᠥᠪᠯᠡᠭᠡ ᠪᠠᠨ | ᠰᠠᠶᠢᠲᠤᠷ ᠬᠢᠵᠦ᠂ ᠰᠠᠭᠠᠲᠠᠬᠤ ᠴᠠᠭ ᠢᠶᠠᠨ ᠪᠠᠭᠠᠰᠬᠠᠨ᠂ ᠭᠠᠳᠠᠭᠰᠢ ᠭᠠᠷᠴᠤ ᠬᠤᠳᠠᠯᠳᠤᠨ ᠠᠪᠬᠤ ᠳᠠᠭᠠᠨ ᠠᠯᠢ | ᠴᠢᠳᠠᠬᠤ ᠪᠠᠷ ᠪᠠᠷᠠᠭ᠎ᠠ ᠬᠤᠳᠠᠯᠳᠤᠨ ᠠᠪᠬᠤ ᠣᠷᠭᠢᠯ ᠠᠴᠠ ᠵᠠᠶᠢᠯᠠᠵᠤ᠂ ᠵᠠᠬ᠎ᠠ ᠳᠡᠯᠭᠡᠭᠦᠷ ᠲᠤ ᠣᠷᠣᠬᠤ ᠠᠴᠠ ᠪᠠᠨ | ᠡᠮᠦᠨ᠎ᠡ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠤᠨ ᠠᠵᠢᠯᠲᠠᠳ ᠲᠠᠢ ᠬᠠᠮᠵᠢᠯᠴᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠤᠷᠤᠭᠰᠠᠨ ᠤ | ᠳᠠᠷᠠᠭ᠎ᠠ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ ᠭᠡᠵᠦ ᠬᠠᠯᠠᠭᠤᠨ ᠳᠣᠲᠣᠨᠣ ᠪᠠᠷ ᠰᠠᠨᠠᠭᠤᠯᠵᠤ ᠪᠠᠶᠢᠨ᠎ᠠ᠃ | |