ᠰᠤᠷᠪᠤᠯᠵᠢᠯᠠᠭᠴᠢ ᠰᠤᠷᠪᠤᠯᠵᠢᠯᠠᠪᠠ︕ ᠬᠠᠶᠢᠷᠤᠪ ᠤᠨ ᠲᠤᠬᠤᠢ ᠶᠢᠨ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠡᠶᠢᠮᠦ ᠪᠠᠶᠢᠳᠠᠭ ᠁
ᠨᠡᠶᠢᠲᠡᠯᠡᠭᠰᠡᠨ ᠴᠠᠭ᠄
2022/8/11
      8 ᠰᠠᠷ᠎ᠠ ᠶᠢᠨ 10᠎ ᠤ ᠡᠳᠦᠷ᠂ ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠢ ᠹᠧᠩ ᠪᠠᠭᠤᠳᠠᠯ ᠤᠨ ᠲᠤᠰᠠᠭᠠᠷᠯᠠᠬᠤ ᠴᠡᠭ ᠲᠤ ᠬᠦᠷᠴᠦ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠲᠤᠰᠠᠭᠠᠷᠯᠠᠬᠤ ᠴᠡᠭ ᠤᠨ ᠠᠵᠢᠯ ᠢ ᠪᠦᠬᠦ ᠲᠠᠯ᠎ᠠ ᠪᠠᠷ ᠣᠶᠢᠯᠠᠭᠠᠪᠠ᠃ ᠲᠤᠰᠠᠭᠠᠷᠯᠠᠬᠤ ᠭᠠᠵᠠᠷ ᠨᠢ ᠲᠤᠰᠠᠭᠠᠷᠯᠠᠬᠤ ᠬᠥᠮᠦᠰ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠬᠠᠮᠢᠶᠠᠷᠬᠤ ᠠᠵᠢᠯ ᠢ ᠡᠭᠦᠷᠭᠡᠯᠡᠵᠦ ᠪᠠᠶᠢᠭ᠎ᠠ ᠪᠣᠯᠬᠤᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠵᠠᠬ᠎ᠠ ᠶᠢᠨ ᠬᠠᠷᠠᠭᠤᠯ ᠤᠨ ᠭᠠᠵᠠᠷ ᠪᠣᠯᠬᠤ ᠪᠥᠭᠡᠳ ᠠᠶᠤᠯ ᠲᠦᠭᠰᠢᠭᠦᠷᠢ ᠠᠴᠠ ᠬᠠᠮᠤᠭ ᠤᠨ ᠣᠶᠢᠷ᠎ᠠ ᠪᠠᠶᠢᠭ᠎ᠠ ᠭᠠᠵᠠᠷ ᠤᠨ ᠨᠢᠭᠡ ᠪᠣᠯᠤᠨ᠎ᠠ᠃ ᠲᠤᠰᠠᠭᠠᠷᠯᠠᠬᠤ ᠴᠡᠭ ᠤᠨ ᠠᠵᠢᠯᠲᠠᠳ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠠᠴᠠ ᠭᠠᠳᠠᠨ᠎ᠠ ᠪᠠᠰᠠ ᠪᠣᠳᠠᠲᠤ ᠠᠵᠢᠯᠯᠠᠭ᠎ᠠ ᠪᠠᠷ ᠢᠶᠠᠨ ᠲᠤᠰᠠᠭᠠᠷᠯᠠᠬᠤ ᠬᠥᠮᠦᠰ ᠲᠤ ᠦᠨᠡᠨ ᠪᠠᠶᠢᠳᠠᠯ ᠢ ᠳᠠᠮᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠤᠰᠠᠭᠠᠷᠯᠠᠬᠤ ᠬᠥᠮᠦᠰ ᠤᠨ ᠵᠦᠢ ᠵᠣᠬᠢᠰᠲᠠᠶ ᠬᠡᠷᠡᠭᠴᠡᠭᠡ ᠶᠢ ᠬᠠᠩᠭᠠᠵᠤ᠂ ᠲᠡᠳᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠠᠭᠠᠯᠠᠮᠵᠢᠲᠠᠶ ᠲᠤᠰᠠᠭᠠᠷᠯᠠᠬᠤ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠬᠤ ᠬᠡᠷᠡᠭᠲᠡᠶ᠃
微信图片_20220811092735.jpg    
      ᠲᠤᠰᠠᠭᠠᠷᠯᠠᠬᠤ ᠴᠡᠭ ᠲᠤ ᠴᠢᠷᠮᠠᠶᠢᠨ ᠠᠵᠢᠯᠯᠠᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ᠂  ᠠᠶᠤᠯ ᠲᠦᠭᠰᠢᠭᠦᠷᠢ ᠶᠡᠭᠡ᠂ ᠡᠭᠦᠷᠭᠡ ᠬᠦᠨᠳᠦ ᠂ ᠪᠥᠭᠡᠮ ᠬᠦᠴᠢᠯ ᠤᠨ ᠥᠯᠢᠭᠡᠷ ᠡᠳ᠋ ᠴᠤᠭᠯᠠᠭᠤᠯᠬᠤ᠂ ᠢᠳᠡᠭᠡᠨ ᠤᠮᠳᠠᠭᠠᠨ ᠳᠣᠭᠢᠷᠠᠭᠤᠯᠤᠨ ᠬᠦᠷᠭᠡᠬᠦ᠂ ᠲᠤᠰᠠᠭᠠᠷᠯᠠᠬᠤ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ ᠵᠡᠷᠭᠡ ᠠᠵᠢᠯ ᠢ ᠴᠥᠮ ᠴᠢᠩᠭ᠎ᠠ ᠨᠢᠮᠪᠠᠶ ᠰᠢᠢᠤᠡᠪᠤᠷᠢᠯᠡᠬᠦ ᠬᠡᠷᠡᠭᠲᠡᠶ ᠪᠠᠶᠢᠨ᠎ᠠ ᠭᠡᠵᠦ ᠵᠢᠭᠠᠵᠤ ᠭᠠᠷᠭᠠᠪᠠ᠃      ᠣᠶᠢᠯᠠᠭᠠᠭᠰᠠᠨ ᠢᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠨᠥᠭᠡᠴᠡ ᠲᠤᠰᠠᠭᠠᠷᠯᠠᠯ ᠤᠨ ᠴᠡᠭ 33 ᠪᠠᠶᠢᠨ᠎ᠠ᠂ 2859 ᠲᠠᠰᠤᠯᠭ᠎ᠠ ᠥᠷᠥᠭᠡ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠳᠤ ᠨᠡᠶᠢᠲᠡ 4 ᠲᠤᠰᠠᠭᠠᠷᠯᠠᠬᠤ ᠪᠠᠭᠤᠳᠠᠯ᠂ 267 ᠲᠠᠰᠤᠯᠭ᠎ᠠ ᠥᠷᠥᠭᠡ ᠭᠠᠷᠭᠠᠵᠠᠶ᠂ ᠣᠳᠣᠬᠠᠨ ᠳᠤ ᠨᠢᠭᠡᠨᠲᠡ 70 ᠲᠠᠰᠤᠯᠭ᠎ᠠ ᠥᠷᠥᠭᠡ ᠬᠡᠷᠡᠭᠯᠡᠵᠦ᠂ ᠬᠥᠮᠦᠰ ᠢ ᠲᠣᠰ ᠲᠣᠰ ᠨᠢᠭᠤᠴᠠ ᠪᠠᠷ ᠵᠠᠯᠭᠠᠬᠤ᠂ ᠳᠡᠳ᠋ ᠨᠢᠭᠤᠴᠠ ᠪᠠᠷ ᠵᠠᠯᠭᠠᠬᠤ ᠪᠠ ᠠᠶᠤᠯ ᠲᠦᠭᠰᠢᠭᠦᠷᠢ ᠲᠠᠢ ᠬᠥᠮᠦᠰ ᠢᠶᠠᠷ ᠲᠥᠷᠥᠯ ᠬᠤᠪᠢᠶᠠᠨ ᠬᠠᠮᠢᠶᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 2.0᠎ ᠤᠨ ᠭᠠᠷ ᠳᠡᠪᠲᠡᠷ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾᠎ ᠤᠨ ᠱᠠᠭᠠᠷᠳᠠᠯᠭ᠎ᠠ ᠶᠣᠰᠣᠭᠠᠷ᠂ ᠳᠣᠲᠣᠭᠠᠳᠤ ᠬᠠᠮᠢᠶᠠᠷᠤᠯᠲᠠ ᠶᠢᠨ ᠲᠣᠭᠤᠷᠢᠭ᠂ ᠭᠠᠳᠠᠭᠠᠳᠤ ᠬᠠᠮᠢᠶᠠᠷᠤᠯᠲᠠ ᠶᠢᠨ ᠲᠣᠭᠤᠷᠢᠭ᠂ ᠲᠤᠰᠠᠭᠠᠷᠯᠠᠬᠤ ᠲᠣᠭᠤᠷᠢᠭ᠂ ᠠᠷᠢᠭᠤᠨ ᠴᠡᠪᠡᠷ ᠨᠡᠪᠲᠡᠷᠡᠬᠦ ᠵᠠᠮ ᠪᠠ ᠪᠣᠬᠢᠷᠲᠤᠯ ᠤᠨ ᠨᠡᠪᠲᠡᠷᠡᠬᠦ ᠵᠠᠮ ᠵᠡᠷᠭᠡ ᠰᠠᠭᠤᠷᠢ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠥᠭᠡᠷᠡᠴᠢᠯᠡᠨ ᠵᠠᠰᠠᠵᠤ ᠳᠠᠭᠤᠰᠬᠠᠪᠠ᠃
微信图片_20220811092740.jpg
微信图片_20220811092744.jpg
     ᠢ ᠹᠧᠩ ᠪᠠᠭᠤᠳᠠᠯ ᠤᠨ ᠲᠤᠰᠠᠭᠠᠷᠯᠠᠬᠤ ᠴᠡᠭ ᠤᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠳᠠᠨ ᠴᠧᠨ ᠵᠤᠤ ᠢᠦᠢ᠄ ︽ᠪᠢ ᠲᠤᠰᠠᠭᠠᠷᠯᠠᠬᠤ ᠬᠥᠮᠦᠰ ᠢ ᠬᠠᠮᠢᠶᠠᠷᠤᠨ ᠡᠵᠡᠮᠳᠡᠬᠦ᠂ ᠲᠤᠰᠠᠭᠠᠷᠯᠠᠬᠤ ᠲᠣᠭᠤᠷᠢᠭ ᠤᠨ ᠠᠵᠢᠯ ᠤᠨ ᠲᠤᠬᠢᠷᠠᠭᠤᠯᠤᠯᠳᠠ᠂ ᠬᠢᠨᠠᠯᠲᠠ᠂ ᠮᠡᠳᠡᠭᠡ ᠵᠠᠩᠭᠢ ᠶᠢᠨ ᠲᠡᠮᠳᠡᠭᠯᠡᠯ ᠵᠡᠷᠭᠡ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃  ᠡᠭᠦᠨ ᠠᠴᠠ ᠭᠠᠳᠠᠨ᠎ᠠ ᠪᠠᠰᠠ ᠳᠣᠲᠣᠭᠠᠳᠤ ᠬᠠᠮᠢᠶᠠᠷᠤᠯᠲᠠ ᠶᠢᠨ ᠡᠮᠴᠢ ᠰᠤᠪᠢᠯᠠᠭᠴᠢ ᠂ ᠠᠷᠢᠭᠤᠨ ᠴᠡᠪᠡᠷ ᠤᠨ ᠠᠵᠢᠯᠲᠠᠨ ᠪᠠᠶᠢᠵᠤ᠂ ᠲᠤᠰᠠᠭᠠᠷᠯᠠᠬᠤ ᠴᠡᠭ ᠤᠨ ᠡᠳᠦᠷ ᠲᠤᠲᠤᠮ ᠤᠨ ᠤᠰᠠᠳᠬᠠᠬᠤ᠂ ᠪᠥᠭᠡᠮ ᠬᠦᠴᠢᠯ ᠢ ᠴᠤᠭᠯᠠᠭᠤᠯᠬᠤ ᠵᠢᠴᠢ ᠲᠤᠰᠠᠭᠠᠷᠯᠠᠬᠤ ᠬᠥᠮᠦᠰ ᠤᠨ ᠠᠮᠢᠳᠤᠷᠠᠯ ᠪᠠ ᠠᠵᠢᠯᠯᠠᠵᠤ ᠠᠮᠠᠷᠠᠬᠤ ᠵᠡᠷᠭᠡ ᠬᠤᠯᠪᠣᠭᠳᠠᠯ ᠪᠥᠬᠦᠶ ᠠᠵᠢᠯ ᠢ ᠬᠠᠮᠲᠤ ᠪᠠᠷ ᠬᠠᠷᠢᠭᠤᠴᠠᠵᠤ ᠂ ᠠᠵᠢᠯᠲᠠᠨ ᠵᠢᠴᠢ ᠲᠤᠰᠠᠭᠠᠷᠯᠠᠬᠤ ᠬᠥᠮᠦᠰ ᠤᠨ ᠠᠮᠤᠷ ᠲᠦᠪᠰᠢᠨ ᠤ ᠬᠠᠮᠠᠭᠠᠯᠠᠯᠲᠠ ᠶᠢ ᠪᠠᠲᠤᠯᠠᠨ᠎ᠠ᠃ ᠪᠢᠳᠡ ᠡᠨᠡ ᠤᠳᠠᠭᠠᠨ ᠤ ᠬᠢᠵᠢᠭ ᠤᠨ ᠪᠠᠶᠢᠳᠠᠯ ᠳᠤ ᠬᠥᠮᠦᠨ ᠨᠢᠭᠡᠪᠦᠷᠢ ᠶᠢᠨ ᠬᠦᠴᠦᠨ ᠴᠢᠳᠠᠯ ᠢᠶᠠᠨ ᠡᠷᠭᠦᠵᠦ᠂ ᠲᠤᠰᠠᠭᠠᠷᠯᠠᠬᠤ ᠣᠷᠣᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠤᠰᠠᠭᠠᠷᠯᠠᠬᠤ ᠬᠥᠮᠦᠰ ᠲᠤ ᠰᠠᠶᠢᠲᠤᠷ ᠦᠢᠯᠡᠴᠢᠯᠡᠨ᠎ᠡ︾ ᠭᠡᠵᠡᠶ᠃
微信图片_20220811092746.jpg   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号