ᠬᠢᠵᠢᠭ ᠢ ᠰᠡᠷᠭᠡᠢᠯᠡᠨ᠎ᠡ︕ ᠬᠠᠶᠢᠷᠤᠪ ᠤᠨ ᠲᠤᠬᠤᠢ ᠶᠢᠨ ︽ᠰᠠᠶᠢᠨ ᠳᠤᠷ᠎ᠠ ᠶᠢᠨ ᠤᠯᠠᠭᠠᠨ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠡᠷᠡᠯ ᠭᠢᠯᠪᠠᠭ᠎ᠠ ᠪᠠᠨ  ᠰᠠᠴᠤᠷᠠᠭᠤᠯᠪᠠ
ᠨᠡᠶᠢᠲᠡᠯᠡᠭᠰᠡᠨ ᠴᠠᠭ᠄
2022/8/12
      8 ᠰᠠᠷ᠎ᠠ ᠶᠢᠨ 6᠎ ᠤ ᠡᠳᠦᠷ ᠠᠴᠠ 8 ᠰᠠᠷ᠎ᠠ ᠶᠢᠨ 8᠎ ᠤ ᠡᠳᠦᠷ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠲᠤ ᠭᠤᠷᠪᠠᠨ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶᠂ ᠡᠯ᠎ᠡ ᠨᠢᠭᠡᠴᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ᠂ ᠠᠵᠢᠯᠲᠠᠨ ᠠᠵᠢᠯᠴᠢᠨ᠂ ᠵᠠᠯᠠᠭᠤᠴᠤᠳ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠥᠷᠭᠡᠨ ᠢᠶᠠᠷ ᠳᠠᠶᠢᠴᠢᠯᠠᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠣᠯᠠᠨ ᠲᠦᠮᠡᠨ ᠢ ᠳᠠᠶᠢᠴᠢᠯᠠᠬᠤ᠂ ᠡᠮᠬᠢ ᠳᠢᠭᠯᠢᠮ ᠢ ᠬᠠᠮᠠᠭᠠᠯᠠᠬᠤ᠂ ᠭᠠᠷ ᠤᠲᠠᠰᠤᠨ ᠤ ᠺᠣᠳ᠋ ᠰᠢᠷᠪᠢᠬᠦ ᠠᠵᠢᠯᠯᠠᠭ᠎ᠠ ᠶᠢ ᠬᠥᠲᠥᠯᠦᠨ ᠵᠢᠯᠣᠭᠤᠳᠬᠤ᠂ ᠵᠢᠵᠢᠭ ᠲᠣᠭᠤᠷᠢᠭ ᠲᠤ ᠵᠢᠵᠢᠭᠦᠷᠯᠡᠨ ᠰᠠᠬᠢᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠠᠶᠢᠴᠠᠭᠠᠨ ᠰᠢᠯᠭᠠᠬᠤ ᠵᠡᠷᠭᠡ ᠭᠤᠭᠴᠤᠭ᠎ᠠ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠭᠡ ᠬᠡᠪᠴᠢᠶᠡᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠡᠭᠦᠨ ᠤ ᠵᠡᠷᠭᠡ ᠳᠤ ᠨᠡᠶᠢᠭᠡᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠳᠠᠶᠢᠴᠢᠯᠠᠨ᠂ ᠪᠠᠶᠢᠴᠠᠭᠠᠨ ᠰᠢᠯᠭᠠᠬᠤ ᠨᠢᠭᠡᠳᠦᠭᠡᠷ ᠹᠷᠣᠨᠲ ᠲᠤ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ ᠬᠤᠭᠤᠯᠠ ᠬᠦᠨᠡᠰᠦ ᠬᠦᠷᠭᠡᠨ ᠥᠭᠴᠦ᠂ ︽ᠰᠠᠶᠢᠨ ᠳᠤᠷ᠎ᠠ ᠶᠢᠨ ᠤᠯᠠᠭᠠᠨ︾᠎ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃
11.jpg
12.jpg
13.jpg
     ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠬᠤ ᠲᠤᠬᠠᠢ ᠰᠠᠨᠠᠭᠠᠴᠢᠯᠠᠭ᠎ᠠ ᠶᠢᠨ ᠪᠢᠴᠢᠭ︾᠎ ᠢ ᠨᠡᠶᠢᠭᠡᠮ ᠨᠡᠶᠢᠲᠡ ᠳᠤ ᠲᠠᠷᠬᠠᠭᠠᠵᠤ᠂ 49 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ 3 ᠡᠳᠦᠷ ᠤᠨ ᠳᠣᠲᠣᠷ᠎ᠠ ᠨᠡᠶᠢᠳᠡ 1539 ᠬᠥᠮᠦᠨ ᠤᠳᠠᠭ᠎ᠠ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠡᠢ᠃ ᠡᠳᠡᠭᠡᠷ ᠰᠠᠶᠢᠨ ᠳᠤᠷ᠎ᠠ ᠶᠢᠨ ᠦᠢᠯᠡᠴᠢᠯᠡᠭᠴᠢᠳ ᠪᠠᠯᠭᠠᠰᠤ ︵ᠵᠡᠭᠡᠯᠢ ᠭᠤᠳᠤᠮᠵᠢ︶ ᠪᠣᠯᠤᠨ ᠲᠣᠰᠬᠤᠨ ︵ᠨᠡᠶᠢᠭᠡᠮ ᠲᠣᠭᠤᠷᠢᠭ︶᠎ ᠤ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂ ᠦᠯᠢᠭᠡᠷ ᠠᠪᠬᠤ ᠠᠵᠢᠯ ᠤᠨ ᠠᠬᠤᠶ ᠲᠠᠯᠠᠪᠠᠶ ᠳᠤ᠂ ᠣᠯᠠᠨ ᠢᠶᠠᠷ ᠢᠶᠠᠨ ᠴᠥᠮ᠎ᠡ ᠶᠢᠨ ᠬᠦᠴᠢᠯ ᠢ ᠰᠢᠯᠭᠠᠨ ᠪᠠᠶᠢᠴᠠᠭᠠᠬᠤ ᠡᠩᠨᠡᠭᠡ ᠶᠢᠨ ᠡᠮᠬᠢ ᠳᠢᠭᠯᠢᠮ ᠢ ᠬᠠᠮᠠᠭᠠᠯᠠᠵᠤ᠂ ᠰᠠᠭᠤᠭᠠᠯᠢ ᠠᠷᠠᠳ ᠲᠤ 1 ᠮᠧᠲᠷ ᠤᠨ ᠵᠠᠶ ᠲᠠᠢ ᠪᠠᠶᠢᠬᠤ ᠶᠢ ᠰᠠᠨᠠᠭᠤᠯᠵᠤ᠂ ᠵᠠᠷᠢᠮ ᠨᠢ ᠰᠠᠭᠤᠭᠠᠯᠢ ᠠᠷᠠᠳ ᠢ ᠬᠠᠪᠰᠤᠷᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠺᠣᠳ᠋ ᠢ ᠳᠠᠩᠰᠠᠯᠠᠭᠤᠯᠵᠤ᠂ ᠵᠠᠷᠢᠮ ᠨᠢ ᠨᠠᠰᠤᠲᠠᠶᠢᠴᠤᠳ ᠪᠣᠯᠤᠨ ᠰᠤᠷᠤᠭᠴᠢᠳ ᠢ ᠵᠢᠯᠣᠭᠤᠳᠤᠨ ᠰᠠᠭᠠᠳ ᠦᠭᠡᠢ ᠨᠡᠪᠲᠡᠷᠡᠬᠦ ᠵᠠᠮ ᠳᠤ ᠣᠷᠣᠭᠤᠯᠵᠤ᠂ ᠰᠠᠭᠤᠭᠠᠯᠢ ᠠᠷᠠᠳ ᠢ ᠬᠠᠪᠰᠤᠷᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠲᠦᠷᠭᠡᠨ ᠪᠡᠶᠡᠯᠡᠭᠦᠯᠵᠦ᠂ ᠬᠥᠯᠥᠰᠥ ᠨᠢ ᠤᠯᠠᠨ ᠤ ᠬᠤᠪᠴᠠᠰᠤᠨ ᠳᠤ ᠨᠡᠪᠴᠢᠵᠦ᠂ ᠡᠳᠦᠷ ᠰᠥᠨᠢ ᠦᠭᠡᠢ ᠪᠠᠲᠤ ᠰᠠᠬᠢᠵᠤ ᠪᠠᠶᠢᠭ᠎ᠠ ᠰᠠᠶᠢᠨ ᠳᠤᠷ᠎ᠠ ᠶᠢᠨ ᠠᠵᠢᠯᠯᠠᠭᠴᠢᠳ ᠤᠨ ᠪᠡᠶ᠎ᠡ ᠨᠢ ᠬᠥᠮᠦᠰ ᠤᠨ ᠰᠡᠳᠬᠢᠯ ᠢ ᠬᠥᠳᠡᠯᠭᠡᠵᠦ᠂ ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠲᠤᠰᠠᠯᠠᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠠᠵᠢᠯᠯᠠᠭᠴᠢᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠮᠦᠨ᠎ᠡ ᠨᠢ ᠭᠠᠪᠰᠢᠭᠠᠶᠢᠯᠠᠨ᠂ ᠬᠠᠶᠢᠷᠤᠪ ᠤᠨ ᠲᠤᠬᠤᠢ ᠲᠤᠭᠤᠷᠢᠭ ᠤᠨ ᠬᠢᠵᠢᠭ ᠢ ᠰᠡᠷᠭᠡᠶᠢᠯᠡᠬᠦ ᠳᠤ ᠬᠦᠴᠦᠨ ᠨᠡᠮᠡᠷᠢᠯᠡᠵᠡᠢ᠃
14.jpg
15.jpg
16.jpg
    ᠤᠴᠢ ᠶᠢᠨ ᠭᠠᠯ ᠪᠠᠮᠪᠠᠷ ᠪᠤᠯᠵᠤ᠂ ᠤᠯᠠᠨ ᠤ ᠵᠣᠷᠢᠭ ᠢ ᠨᠢᠭᠡᠳᠬᠡᠨ᠎ᠡ᠃ ᠰᠠᠶᠢᠨ ᠳᠤᠷ᠎ᠠ ᠶᠢᠨ ᠠᠵᠢᠯᠯᠠᠭᠴᠢ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠪᠤᠰᠤᠳ ᠢ ᠭᠡᠷᠡᠯᠳᠦᠬᠦᠯᠵᠦ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠢᠳᠡᠪᠬᠢᠲᠡᠢ ᠪᠠᠷ ᠬᠤᠪᠢ ᠨᠡᠮᠡᠷᠢ ᠦᠵᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠨ᠎ᠡ᠃
17.jpg
18.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号