ᠬᠠᠶᠢᠷᠤᠪ ᠤᠨ ᠳᠤᠬᠤᠢ ᠲᠣᠭᠤᠷᠢᠭ ᠤᠨ ᠬᠢᠨᠠᠨ ᠪᠤᠳᠤᠬᠤ ᠲᠤᠪᠴᠢᠶ᠎ᠠ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/8/12
      2022 ᠣᠨ ᠤ 8 ᠰᠠᠷ᠎ᠠ ᠶᠢᠨ 5᠎ ᠤ ᠡᠳᠦᠷ᠂ ᠮᠠᠨ ᠤ ᠲᠤᠭᠤᠷᠢᠭ ᠪᠠᠶᠢᠴᠠᠭᠠᠬᠤ ᠳᠤᠷᠠᠲᠠᠢ ᠪᠦᠬᠦᠨ ᠢ ᠪᠠᠶᠢᠴᠠᠭᠠᠬᠤ ᠬᠥᠮᠦᠰ ᠲᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠦᠶ᠎ᠡ ᠳᠤ᠂ 1 ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠨᠢ ᠠᠷᠭ᠎ᠠ ᠶᠢᠨ ᠴᠢᠨᠠᠷᠲᠠᠢ ᠬᠥᠮᠦᠨ ᠪᠠᠶᠢᠬᠤ ᠶᠢ ᠣᠯᠵᠤ ᠮᠡᠳᠡᠪᠡ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢᠯᠠᠨ ᠲᠠᠷᠬᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠥᠯᠥᠭᠡ᠂ ᠮᠠᠨ ᠤ ᠬᠤᠲᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ 8 ᠰᠠᠷ᠎ᠠ ᠶᠢᠨ 6᠎ ᠤ ᠡᠳᠦᠷ ᠠᠴᠠ 8 ᠰᠠᠷ᠎ᠠ ᠶᠢᠨ 8᠎ ᠤ ᠡᠳᠦᠷ ᠪᠣᠯᠲᠠᠯ᠎ᠠ ᠪᠥᠬᠦ ᠬᠤᠲᠠ ᠳᠤ ᠭᠤᠷᠪᠠᠨ ᠡᠳᠦᠷ ᠳᠠᠷᠠᠭᠠᠯᠠᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃
1660122950803054032.png
1660122909937042293.png
    ᠮᠡᠳᠡᠭᠳᠡᠯ ᠢ ᠣᠯᠤᠭᠰᠠᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨᠠᠨ ᠪᠤᠳᠤᠬᠤ  ᠲᠤᠪᠴᠢᠶ᠎ᠠ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠨᠠᠮ ᠤᠨ ᠭᠡᠰᠢᠭᠦᠨ ᠤ ︽ᠬᠤᠤᠰ ᠨᠡᠷ᠎ᠡ ᠮᠡᠳᠡᠭᠦᠯᠬᠦ︾ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷ᠂ ᠠᠵᠢᠯᠲᠠᠨ ᠠᠵᠢᠯᠴᠢᠨ ᠤ ᠰᠠᠶᠢᠨ ᠳᠤᠷ᠎ᠠ ᠶᠢᠨ ᠤᠶᠢᠯᠡᠴᠢᠯᠡᠭᠡ ᠶᠢ 42 ᠬᠥᠮᠦᠨ ᠤᠳᠠᠭ᠎ᠠ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠠᠵᠢᠯ ᠢᠶᠠᠨ ᠵᠦᠶ ᠵᠣᠬᠢᠰᠲᠠᠶ ᠳᠣᠭᠢᠷᠠᠭᠤᠯᠤᠨ ᠪᠣᠶ ᠪᠥᠬᠦᠶ ᠬᠦᠴᠢᠷᠳᠡᠯ ᠢ ᠢᠯᠠᠨ ᠳᠠᠪᠠᠵᠤ᠂ ᠬᠠᠮᠤᠭ ᠤᠨ ᠲᠡᠷᠢᠭᠦᠨ ᠳᠤ ᠳ᠋ᠦᠩ ᠬᠤᠸᠠᠨ ᠵᠠᠮ ᠤᠨ ᠨᠡᠶᠢᠭᠡᠮ ᠲᠣᠭᠤᠷᠢᠭ ᠲᠠᠢ ᠵᠣᠯᠭᠠᠭᠤᠯᠵᠤ᠂ ᠨᠡᠶᠢᠭᠡᠮ ᠲᠣᠭᠤᠷᠢᠭ ᠤᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠸᠧᠶ ᠰᠢᠨ ᠵᠢᠶᠠ ᠶᠤᠸᠠᠨ ᠬᠢᠭᠡᠳ ᠴᠢᠩ ᠾᠧ ᠪᠠᠭ᠎ᠠ ᠲᠣᠭᠤᠷᠢᠭ ᠤᠨ ᠬᠤᠶᠠᠷ ᠬᠢᠨᠠᠨ ᠬᠡᠮᠵᠢᠬᠦ ᠴᠡᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠲᠤ ᠪᠥᠬᠦ ᠬᠦᠴᠦᠨ ᠢᠶᠠᠷ ᠢᠶᠠᠨ ᠣᠷᠣᠯᠴᠠᠪᠠ᠃ ᠰᠠᠶᠢᠨ ᠳᠤᠷ᠎ᠠ ᠶᠢᠨ ᠠᠵᠢᠯᠯᠠᠭᠰᠠᠳ ᠤᠨ ᠨᠠᠷᠢᠨ ᠬᠢᠨᠠᠮᠠᠭᠠᠢ ᠬᠦᠯᠢᠴᠡᠩᠭᠦᠢ ᠪᠠᠷ ᠬᠦᠳᠦᠯᠦᠨ ᠵᠢᠯᠣᠭᠤᠳᠬᠤ ᠪᠠᠷ ᠳᠠᠮᠵᠢᠭᠤᠯᠤᠨ ᠰᠠᠭᠤᠭᠠᠯᠢ ᠠᠷᠠᠳ ᠲᠠᠢ ᠢᠳᠡᠪᠬᠢᠲᠡᠢ ᠬᠠᠮᠵᠢᠯᠴᠠᠵᠤ᠂ ᠭᠤᠷᠪᠠᠨ ᠡᠳᠦᠷ ᠤᠨ ᠪᠦᠬᠦ ᠬᠥᠮᠦᠰ ᠤᠨ ᠪᠥᠭᠡᠮ ᠬᠦᠴᠢᠯ ᠢᠶᠠᠷ 1350 ᠭᠠᠷᠤᠢ ᠡᠷᠤᠬᠡ ᠪᠠᠶᠢᠩᠭᠤ ᠰᠠᠭᠤᠭ᠎ᠠ ᠰᠠᠭᠤᠭᠠᠯᠢ ᠠᠷᠠᠳ ᠢ ᠴᠤᠭᠯᠠᠭᠤᠯᠵᠤ᠂ ᠪᠥᠭᠡᠮ ᠬᠦᠴᠢᠯ ᠢᠶᠠᠷ 5430 ᠭᠠᠷᠤᠢ ᠬᠥᠮᠦᠨ ᠤᠳᠠᠭ᠎ᠠ ᠦᠯᠢᠭᠡᠷ ᠠᠪᠴᠤ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠦᠲᠦᠮᠵᠢᠲᠡᠢ ᠲᠤᠭ᠎ᠠ ᠪᠠᠷᠢᠮᠲᠠ ᠶᠢ ᠬᠠᠩᠭᠠᠵᠠᠢ᠃ 
1660123281875071093.png
    ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠲᠤ᠂ ᠰᠠᠶᠢᠨ ᠳᠤᠷ᠎ᠠ ᠶᠢᠨ ᠠᠵᠢᠯᠯᠠᠭᠰᠠᠳ ᠴᠠᠭ ᠠᠭᠤᠷ ᠤᠨ ᠬᠦᠴᠢᠷᠳᠡᠯ ᠢ ᠢᠯᠠᠨ ᠳᠠᠪᠠᠵᠤ ᠡᠳᠦᠷ ᠪᠦᠷᠢ ᠲᠤᠬᠠᠶ ᠶᠢᠨ ᠲᠠᠯᠠᠪᠤᠷ ᠲᠤ ᠤᠷᠢᠳᠴᠢᠯᠠᠨ ᠬᠦᠷᠴᠦ᠂ ᠠᠵᠢᠯ ᠢᠶᠠᠨ ᠵᠣᠬᠢᠰᠲᠠᠶ ᠬᠤᠪᠢᠶᠠᠷᠢᠯᠠᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠦᠷᠦᠯᠴᠡᠨ ᠢᠷᠡᠭᠰᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠮᠥᠷᠯᠡᠭᠦᠯᠵᠦ᠂ ᠨᠣᠭᠤᠭᠠᠨ ᠺᠣᠳ᠋ ᠢᠶᠠᠨ ᠭᠠᠷᠭᠠᠨ ᠦᠵᠡᠭᠦᠯᠵᠦ᠂ ᠮᠡᠳᠡᠭᠡ ᠵᠠᠩᠭᠢ ᠣᠷᠣᠭᠤᠯᠬᠤ ᠵᠡᠷᠭᠡ ᠠᠵᠢᠯ ᠳᠤ ᠬᠠᠮᠵᠢᠯᠴᠠᠭᠤᠯᠤᠨ᠎ᠠ᠃ ᠡᠭᠦᠨ ᠤ ᠬᠠᠮᠲᠤ ᠪᠠᠰᠠ ︽ᠣᠨᠴᠠᠭᠠᠶ ᠬᠥᠮᠦᠰ︾᠎ ᠲᠤ ︽ᠣᠨᠴᠠᠭᠠᠶ  ᠤᠶᠢᠯᠡᠴᠢᠯᠡᠭᠡ︾ ᠬᠠᠩᠭᠠᠵᠤ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠠᠵᠢᠯᠲᠠᠳ ᠲᠠᠢ ᠬᠠᠮᠲᠤ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠵᠢᠴᠢ ᠬᠤᠯᠪᠣᠭᠳᠠᠯ ᠪᠥᠬᠦᠶ ᠨᠢᠭᠲᠠ ᠵᠠᠯᠭᠠᠭᠰᠠᠳ ᠲᠤ ᠬᠡᠷ ᠲᠤᠨᠢ ᠬᠦᠷᠴᠦ ᠪᠠᠶᠢᠴᠠᠭᠠᠨ ᠰᠢᠯᠭᠠᠬᠤ ᠳᠤᠭᠤᠶᠢᠯᠠᠩ ᠪᠠᠶᠢᠭᠤᠯᠵᠤ᠂ ᠬᠡᠷ ᠲᠤᠨᠢ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ ᠨᠢᠭᠲᠠ ᠣᠶᠢᠷᠠᠲᠤᠭᠰᠠᠳ ᠤᠨ ᠶᠠᠪᠤᠵᠤ ᠰᠠᠭᠤᠬᠤ ᠲᠤᠭ᠎ᠠ ᠶᠢ ᠪᠠᠭᠠᠰᠬᠠᠪᠠ᠃      ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠬᠠᠶᠢᠷᠤᠪ ᠤᠨ ᠲᠤᠬᠤᠢ ᠲᠣᠭᠤᠷᠢᠭ ᠤᠨ ᠬᠢᠨᠠᠨ ᠪᠤᠳᠤᠬᠤ ᠲᠤᠪᠴᠢᠶ᠎ᠠ ᠢᠮᠠᠭᠲᠠ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠠᠷᠠᠳ ᠤᠨ ᠵᠣᠪᠠᠨᠢᠯ ᠢ ᠠᠭᠤᠵᠢᠷᠠᠭᠤᠯᠵᠤ᠂ ᠪᠦᠬᠦ ᠠᠷᠠᠳ ᠤᠨ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠬᠠᠪᠰᠤᠷᠵᠤ ᠤᠷᠤᠭᠰᠢᠲᠠᠢ ᠪᠡᠶᠡᠯᠡᠭᠦᠯᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号