ᠰᠤᠷᠪᠤᠯᠵᠢᠯᠠᠭᠴᠢ ᠰᠤᠷᠪᠤᠯᠵᠢᠯᠠᠪᠠ︕ ᠬᠢᠵᠢᠭ ᠢ ᠰᠡᠷᠭᠡᠶᠢᠯᠡᠬᠦ᠂ ᠬᠥᠭᠵᠢᠯᠲᠡ  ︽ᠬᠤᠶᠠᠷ ᠢ ᠰᠠᠭᠠᠲᠠᠭᠠᠬᠤ ᠥᠬᠡᠶ︾᠂ ᠬᠠᠶᠢᠷᠤᠪ ᠤᠨ ᠲᠤᠬᠤᠢ ᠲᠤ ᠢᠩᠭᠢᠵᠦ ᠬᠢᠭᠰᠡᠨ ᠨᠢ ᠁
ᠨᠡᠶᠢᠲᠡᠯᠡᠭᠰᠡᠨ ᠴᠠᠭ᠄
2022/8/12
      ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ ᠲᠣᠭᠲᠠᠭᠤᠨ ᠪᠠᠶᠢᠯᠭᠠᠵᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠪᠣᠯ ᠨᠠᠮ ᠤᠨ ᠲᠥᠪ ᠬᠤᠷᠢᠶᠠᠨ ᠤ ᠲᠣᠳᠣᠷᠬᠠᠢ ᠱᠠᠭᠠᠷᠳᠠᠯᠭ᠎ᠠ ᠪᠣᠯᠤᠨ᠎ᠠ᠃ ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠤᠨ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠨᠠᠭᠠᠴᠢᠯᠠᠭᠠᠲᠤ ᠡᠷᠬᠡ ᠶᠢ ᠣᠯᠭᠤᠵᠠᠢ᠃
微信图片_20220812094459.jpg
微信图片_20220812094507.png
    8 ᠰᠠᠷ᠎ᠠ ᠶᠢᠨ 10᠎ ᠤ ᠡᠳᠦᠷ᠂ ᠰᠤᠷᠪᠤᠯᠵᠢᠯᠠᠭᠴᠢ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ᠂ ᠬᠢᠵᠢᠭ ᠤᠨ ᠪᠠᠶᠢᠳᠠᠯ ᠳᠣᠣᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠡᠵᠡᠩᠨᠡᠯᠲᠡ ᠶᠢ ᠬᠡᠷᠬᠢᠨ ᠬᠢᠬᠦ ᠲᠤᠬᠠᠢ ᠠᠵᠤ ᠠᠬᠤᠶᠢᠯᠠᠯ ᠤᠨ ᠬᠢᠨ ᠢ ᠰᠤᠷᠪᠤᠯᠵᠢᠯᠠᠪᠠ ᠃ ᠦᠬᠠᠶ ᠬᠤᠲᠠ ᠶᠢᠨ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠣᠷᠣᠬᠤ ᠳᠠᠭᠠᠨ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠵᠤ᠂ ᠪᠥᠭᠡᠮ ᠬᠦᠴᠢᠯ ᠤᠨ ᠦᠷ᠎ᠡ ᠳ᠋ᠦᠩ᠂ ᠳᠠᠩᠰᠠᠯᠠᠭᠰᠠᠨ ᠠᠵᠢᠯᠲᠠᠨ ᠤ ᠮᠡᠳᠡᠭᠡ ᠵᠠᠩᠭᠢ ᠵᠡᠷᠭᠡ ᠶᠢ ᠪᠠᠶᠢᠴᠠᠭᠠᠨ ᠰᠢᠯᠭᠠᠵᠤ᠂ ᠡᠯ᠎ᠡ ᠵᠤᠶᠢᠯ ᠤᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠡᠪᠲᠡᠷᠡᠬᠦ ᠦᠨᠡᠮᠯᠡᠯ ᠢ ᠣᠯᠤᠭᠰᠠᠨ ᠤ ᠳᠠᠷᠠᠭ᠎ᠠ ᠰᠠᠶ᠋ᠢ  ᠤᠶᠢᠯᠡᠤᠡᠪᠤᠷᠢ ᠶᠢᠨ ᠲᠣᠭᠤᠷᠢᠭ ᠲᠤ ᠣᠷᠣᠵᠤ ᠪᠣᠯᠤᠨ᠎ᠠ᠃    ᠲᠤᠰ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠶᠠᠮᠤᠨ ᠤ ᠰᠠᠶᠢᠳ  ᠫᠧᠩ ᠮᠢᠶᠣᠣ ᠮᠢᠶᠣᠣ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠺᠣᠮᠫᠠᠨᠢ ᠶᠢᠨ ᠡᠭᠦᠳᠡᠨ ᠳᠤ ᠡᠨᠡᠬᠦ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠡᠭ ᠢ ᠭᠠᠷᠭᠠᠵᠠᠶ᠂ ᠮᠠᠨ ᠤ ᠺᠣᠮᠫᠠᠨᠢ ᠳᠤ ᠣᠷᠣᠬᠤ ᠳᠤ ᠡᠷᠬᠡᠪᠰᠢ ᠪᠥᠭᠡᠮ ᠬᠦᠴᠢᠯ ᠢ ᠬᠢᠵᠦ ᠪᠠᠷᠠᠭᠰᠠᠨ ᠤ ᠳᠠᠷᠠᠭ᠎ᠠ ᠰᠠᠶ᠋ᠢ ᠦᠢᠯᠡᠳᠪᠦᠷᠢ ᠳᠤ ᠣᠷᠣᠵᠤ ᠪᠣᠯᠤᠨ᠎ᠠ᠃ ᠣᠳᠣᠬᠠᠨ ᠳᠤ ᠪᠣᠶ ᠪᠥᠬᠦᠶ ᠬᠥᠮᠦᠰ ᠴᠥᠮ ᠨᠢᠭᠡᠨᠲᠡ ᠭᠤᠷᠪᠠ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠡᠵᠡᠮᠳᠡᠯ ᠢ ᠴᠦ ᠴᠢᠩᠭᠠᠳᠬᠠᠵᠤ᠂ ᠳᠡᠩᠰᠡᠯᠡᠵᠦ ᠳᠠᠭᠤᠰᠤᠭᠰᠠᠨ ᠤ ᠳᠠᠷᠠᠭ᠎ᠠ᠂ ᠣᠷᠣᠵᠤ ᠭᠠᠷᠬᠤ ᠦᠨᠡᠮᠯᠡᠯ ᠢᠶᠠᠷ ᠢᠶᠠᠨ ᠰᠠᠶ᠋ᠢ ᠮᠠᠨ ᠤ ᠤᠶᠢᠯᠡᠤᠡᠪᠤᠷᠢ ᠶᠢᠨ ᠲᠣᠭᠤᠷᠢᠭ ᠲᠤ ᠠᠵᠢᠯᠯᠠᠭ᠎ᠠ ᠬᠢᠵᠦ ᠪᠣᠯᠤᠨ᠎ᠠ᠂ ᠠᠵᠢᠯᠲᠠᠨ ᠠᠵᠢᠯᠴᠢᠨ ᠤ ᠬᠤᠭᠤᠯᠠ ᠢᠳᠡᠬᠦ ᠨᠢ ᠴᠦ ᠪᠦᠯᠦᠭ ᠬᠤᠪᠢᠶᠠᠨ᠂ ᠬᠡᠰᠡᠭ ᠬᠤᠪᠢᠶᠠᠨ ᠬᠤᠭᠤᠯᠠ ᠢᠳᠡᠵᠦ ᠪᠠᠶᠢᠭ᠎ᠠ ᠶᠠᠪᠤᠳᠠᠯ ᠮᠥᠨ᠂ ᠪᠢᠳᠡ ᠴᠦ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠬᠤ ᠪᠥᠭᠡᠳ ᠮᠠᠨ ᠤ ᠠᠮᠤᠷ ᠲᠦᠪᠰᠢᠨ ᠢᠶᠠᠷ ᠤᠶᠢᠯᠡᠤᠡᠪᠤᠷᠢᠯᠡᠬᠦ ᠶᠢ ᠪᠠᠲᠤᠯᠠᠵᠤ ᠪᠠᠶᠢᠨ᠎ᠠ︾ ᠭᠡᠵᠡᠶ᠃
微信图片_20220812094511.jpg
微信图片_20220812094513.jpg
   ᠤᠢᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠡᠯ᠎ᠡ ᠠᠵᠤ ᠠᠬᠤᠶᠢᠯᠠᠯ ᠢ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠦᠢᠯᠡᠳᠪᠦᠷᠢᠯᠡᠯ ᠡᠵᠡᠩᠨᠡᠯᠲᠡ ᠶᠢ ᠬᠦᠴᠦᠯᠡᠨ ᠬᠢᠵᠦ᠂ ᠬᠢᠵᠢᠭ ᠢ ᠰᠡᠷᠭᠡᠶᠢᠯᠡᠬᠦ ᠦᠢᠯᠡᠳᠪᠦᠷᠢᠯᠡᠯ ᠢ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠵᠤ᠂ ᠬᠢᠵᠢᠭ ᠤᠨ ᠠᠵᠤ ᠠᠬᠤᠶᠢᠯᠠᠯ ᠤᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃   ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠰᠢᠶᠤᠤ ᠺᠤᠸᠠᠨ᠄ ︽ᠬᠠᠶᠢᠷᠤᠪ ᠤᠨ  ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠲᠣᠭᠤᠷᠢᠭ ᠤᠨ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠤᠨ ᠶᠡᠭᠡ ᠬᠡᠪᠴᠢᠶᠡᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠮᠡᠳᠡᠭᠳᠡᠯ ᠢ ᠣᠯᠤᠭᠰᠠᠨ ᠤ ᠳᠠᠷᠠᠭ᠎ᠠ᠂ ︿ᠬᠦᠷᠢᠶᠡᠯᠡᠩ ᠲᠣᠭᠤᠷᠢᠭ + ᠠᠵᠤ ᠠᠬᠤᠶᠢᠯᠠᠯ﹀᠎ ᠤᠨ ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠬᠤ ᠵᠠᠭᠪᠤᠷ ᠢ ᠠᠪᠴᠤ᠂ ᠡᠯ᠎ᠡ ᠠᠵᠤ ᠠᠬᠤᠶᠢᠯᠠᠯ ᠢ ᠴᠠᠭ ᠬᠤᠭᠤᠴᠠᠭ᠎ᠠ ᠶᠢᠨ ᠬᠢᠵᠠᠭᠠᠷ ᠶᠣᠰᠣᠭᠠᠷ ᠶᠡᠭᠡ ᠬᠡᠪᠴᠢᠶᠡᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠲᠦᠷᠭᠡᠨ ᠥᠷᠨᠢᠭᠦᠯᠬᠦ ᠶᠢ ᠱᠠᠭᠠᠷᠳᠠᠬᠤ ᠶᠢᠨ ᠬᠠᠮᠲᠤ ᠭᠠᠳᠠᠨ᠎ᠠ ᠠᠴᠠ ᠢᠷᠡᠭᠰᠡᠨ ᠬᠥᠮᠦᠰ ᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠰᠠᠶᠢᠲᠤᠷ ᠬᠢᠵᠦ᠂ ᠡᠷᠡᠭᠦᠯ ᠮᠡᠨᠳᠦ ᠶᠢᠨ ᠺᠣᠳ᠋ ᠵᠢᠴᠢ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠢ ᠭᠡᠵᠦ ᠱᠠᠭᠠᠷᠳᠠᠵᠠᠢ᠃ ᠡᠲᠡᠭᠡᠷ ᠠᠵᠢᠯ ᠨᠢ ᠳᠠᠷᠤᠶ ᠬᠦᠷᠢᠶᠡᠯᠡᠩ ᠲᠣᠭᠤᠷᠢᠭ ᠤᠨ ᠡᠯ᠎ᠡ ᠠᠵᠤ ᠠᠬᠤᠶᠢᠯᠠᠯ ᠤᠨ ᠬᠡᠪ ᠤᠨ ᠤᠶᠢᠯᠡᠤᠡᠪᠤᠷᠢᠯᠡᠯ ᠢ ᠨᠠᠩ ᠰᠠᠶᠢᠨ ᠪᠠᠲᠤᠯᠠᠵᠤ᠂ ᠪᠥᠬᠦ  ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ︾ ᠭᠡᠵᠡᠶ᠃    ᠣᠳᠣᠬᠠᠨ ᠳᠤ ᠬᠢᠵᠢᠭ ᠤᠨ ᠪᠠᠶᠢᠳᠠᠯ ᠤᠨ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠲᠠᠯᠪᠢᠭᠳᠠᠵᠤ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠡᠷᠬᠢᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠨᠢ ᠣᠳᠣᠬᠠᠨ ᠤ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠪᠠ᠃ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ  ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠮᠥᠷᠲᠡᠭᠡᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠠᠯᠢ ᠶᠢ ᠨᠢ ᠴᠦ ᠰᠠᠭᠠᠲᠠᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号