ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠥᠭᠡᠷᠡᠴᠢᠯᠡᠶ᠎ᠡ︕ ᠬᠠᠶᠢᠷᠤᠪ ᠤᠨ ᠲᠤᠬᠤᠢ ᠶᠢᠨ ᠪᠦᠬᠦ ᠬᠦᠴᠦᠨ ᠢᠶᠠᠷ ᠢᠶᠠᠨ ᠬᠢᠵᠢᠭ ᠤᠨ  ᠪᠠᠶᠢᠳᠠᠯ ᠢ ᠰᠡᠷᠭᠡᠶᠢᠯᠡᠨ  ᠡᠵᠡᠮᠳᠡᠨ᠎ᠡ
ᠨᠡᠶᠢᠲᠡᠯᠡᠭᠰᠡᠨ ᠴᠠᠭ᠄
2022/8/12
     ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ ᠲᠠᠯᠠᠪᠤᠷ ᠤᠨ ᠬᠠᠯᠳᠠᠪᠤᠷᠢᠯᠠᠯ ᠢ ᠬᠢᠵᠠᠭᠠᠷᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ  ᠴᠢᠩᠭᠠᠤᠡᠬᠠᠵᠤ ᠂ ᠰᠣᠯᠪᠢᠴᠠᠨ ᠬᠠᠯᠳᠠᠪᠤᠷᠢᠯᠠᠬᠤ᠂ ᠠᠮᠤᠷ ᠲᠦᠪᠰᠢᠨ ᠤ ᠠᠳᠡᠯ ᠪᠣᠯᠤᠨ ᠬᠡᠲᠦᠷᠡᠮᠡᠬᠡᠶ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠲᠤᠰᠠᠭᠠᠷᠯᠠᠬᠤ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠱᠠᠯᠠᠪᠳᠠᠭᠤᠯᠵᠤ ᠂ 8 ᠰᠠᠷ᠎ᠠ ᠶᠢᠨ 11᠎ ᠤ ᠦᠳᠡ ᠶᠢᠨ ᠡᠮᠦᠨ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠦᠭᠯᠡᠭᠦᠷ ︵2022 ᠵᠠᠰᠠᠪᠤᠷᠢ ᠣᠷᠣᠭᠤᠯᠤᠭᠰᠠᠨ ᠬᠡᠪᠯᠡᠯ︶︾᠎ ᠤᠨ ᠱᠠᠭᠠᠷᠳᠠᠯᠭ᠎ᠠ ᠶᠣᠰᠣᠭᠠᠷ᠂ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠲᠦᠷᠦᠭᠦᠯᠡᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠠᠴᠠ ᠬᠠᠮᠲᠤᠷᠠᠭᠰᠠᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ ᠲᠠᠯᠠᠪᠤᠷ ᠤᠨ ᠲᠤᠰᠬᠠᠢ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ 3 ᠲᠥᠪᠯᠡᠷᠡᠭᠦᠯᠦᠨ ᠲᠤᠰᠠᠭᠠᠷᠯᠠᠭᠰᠠᠨ ᠲᠠᠯᠠᠪᠤᠷ ᠲᠤ ᠱᠠᠯᠠᠪᠳᠠᠭᠤᠯᠤᠨ ᠵᠢᠯᠣᠭᠤᠳᠴᠤ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠎ᠠ᠃
1.jpg  
    ᠲᠤᠰ ᠤᠳᠠᠭ᠎ᠠ ᠶᠢᠨ ᠬᠢᠨᠠᠨ ᠵᠢᠯᠤᠭᠤᠳᠤᠯᠭ᠎ᠠ ᠳᠤ ᠬᠠᠶᠢᠷᠤᠪ ᠤᠨ ᠲᠤᠬᠤᠢ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠤᠬᠠᠢ ᠶᠢᠨ ᠭᠠᠵᠠᠷ ᠲᠤᠨᠢ ᠠᠵᠢᠯ ᠤᠨ ᠡᠬᠡ ᠲᠠᠩᠰᠠ ᠶᠢ ᠪᠠᠶᠢᠴᠠᠭᠠᠨ ᠦᠵᠡᠬᠦ ᠪᠠ ᠭᠤᠣᠯᠳᠠᠯᠭ᠎ᠠ ᠲᠠᠢ ᠴᠠᠭ ᠤᠨ ᠬᠡᠰᠡᠭ ᠤᠨ ᠬᠢᠨᠠᠨ ᠡᠵᠡᠮᠳᠡᠭᠰᠡᠨ ᠲᠡᠮᠳᠡᠭᠯᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠰᠠᠭᠠᠷᠯᠠᠬᠤ ᠲᠠᠯᠠᠪᠤᠷ ᠤᠨ ᠪᠠᠶᠢᠭ᠎ᠠ ᠲᠤᠰᠠᠭᠠᠷᠯᠠᠬᠤ ᠴᠡᠭ ᠤᠨ ᠠᠵᠢᠯᠳᠠᠨ ᠤ ᠬᠠᠮᠢᠶᠠᠷᠤᠯᠲᠠ ᠶᠢᠨ ᠵᠢᠷᠤᠮᠵᠢᠯ᠂ ᠴᠡᠪᠡᠷᠯᠡᠭᠴᠢ᠂ ᠬᠥᠮᠦᠰ ᠤᠨ ᠬᠠᠮᠠᠭᠠᠯᠠᠯᠲᠠ ᠵᠢᠴᠢ ᠠᠷᠢᠭᠤᠳᠬᠠᠯ᠂ ᠡᠮᠴᠢᠯᠡᠭᠡᠨ ᠤ ᠬᠠᠶᠠᠭᠳᠠᠮᠠᠯ ᠬᠤᠭ ᠨᠣᠪᠰᠢ ᠶᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠪᠠᠶᠢᠴᠠᠭᠠᠪᠠ᠃ ᠰᠢᠪᠠᠳᠠᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠢ᠂ ᠬᠡᠰᠡᠭ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠲᠤ ᠡᠮᠴᠢᠯᠡᠭᠡᠨ ᠤ ᠬᠠᠶᠠᠭᠳᠠᠮᠠᠯ ᠪᠣᠳᠠᠰ ᠢ ᠴᠠᠭ ᠲᠤᠬᠠᠶ ᠳᠤᠨᠢ ᠰᠢᠢᠳᠪᠦᠷᠢᠯᠡᠭᠰᠡᠨ ᠥᠬᠡᠶ᠂ ᠣᠷᠴᠢᠨ ᠠᠬᠤᠶ ᠶᠢᠨ ᠤᠰᠠᠳᠬᠠᠯᠲᠠ ᠨᠢ ᠵᠢᠷᠤᠮᠵᠢᠯ ᠥᠬᠡᠶ᠂ ᠠᠵᠢᠯ ᠮᠡᠷᠭᠡᠵᠢᠯ ᠤᠨ ᠬᠠᠮᠠᠭᠠᠯᠠᠯᠲᠠ ᠶᠢᠨ ᠬᠡᠷᠡᠭᠵᠢᠭᠦᠯᠦᠯᠲᠡ ᠨᠢ ᠪᠣᠳᠠᠲᠠᠶ ᠪᠢᠰᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠱᠠᠯᠠᠪᠳᠠᠭᠤᠯᠤᠨ ᠪᠠᠶᠢᠴᠠᠭᠠᠬᠤ ᠶᠠᠪᠤᠴᠠ ᠳᠤ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠰᠠᠶᠢᠵᠢᠷᠠᠭᠤᠯᠵᠤ ᠳᠡᠶᠢᠯᠬᠦ ᠠᠰᠠᠭᠤᠳᠠᠯ ᠳᠤ ᠰᠠᠨᠠᠭᠤᠯᠭ᠎ᠠ ᠳᠤᠷᠠᠳᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠭ᠎ᠠ ᠲᠠᠯ᠎ᠠ ᠳᠤ ᠪᠢᠴᠢᠭ ᠢᠶᠠᠷ ᠬᠠᠷᠢᠭᠤ ᠲᠤᠰᠬᠠᠬᠤ ᠶᠢᠨ ᠬᠠᠮᠲᠤ ᠪᠣᠯᠤᠮᠵᠢᠲᠤ ᠴᠢᠨᠠᠷᠲᠠᠢ ᠬᠠᠯᠠᠨ ᠰᠠᠶᠢᠵᠢᠷᠠᠭᠤᠯᠬᠤ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠵᠤ᠂ ᠠᠰᠠᠭᠤᠳᠠᠯ ᠢ ᠲᠡᠭ ᠪᠣᠯᠭᠠᠬᠤ ᠶᠢ ᠪᠠᠲᠤᠯᠠᠬᠤ ᠬᠡᠷᠡᠭᠲᠡᠢ  ᠭᠡᠵᠠᠢ᠃
2.jpg   
      ᠲᠣᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠪᠠᠷ ᠳᠡᠮᠵᠢᠨ᠂ ᠮᠠᠨ ᠤ ᠲᠤᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠲᠠᠯᠠᠪᠤᠷ ᠤᠨ ᠬᠠᠮᠢᠶ᠎ᠠ ᠪᠥᠬᠦᠶ ᠠᠵᠢᠯᠯᠠᠭᠠᠨ ᠤ ᠭᠤᠭᠴᠤᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠢ ᠨᠢᠭᠡᠳᠦᠯᠲᠡᠶ ᠲᠥᠯᠥᠪᠯᠡᠬᠦ ᠪᠠ ᠬᠠᠮᠢᠶᠠᠷᠬᠤ ᠠᠵᠢᠯ ᠢ ᠪᠦᠲᠦᠮᠵᠢᠲᠡᠶ ᠠᠬᠢᠭᠤᠯᠤᠨ᠂ ᠬᠢᠵᠢᠭ ᠢ ᠰᠡᠷᠭᠡᠶᠢᠯᠡᠬᠦ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ᠂ ᠳᠤᠲᠠᠭᠳᠠᠯ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠲᠤᠰᠠᠭᠠᠷᠯᠠᠬᠤ ᠲᠠᠯᠠᠪᠤᠷ ᠤᠨ ᠵᠢᠷᠤᠮᠵᠢᠯ ᠲᠠᠢ ᠡᠮᠬᠢ ᠵᠢᠷᠤᠮ ᠲᠠᠢ ᠠᠮᠤᠷ ᠲᠦᠪᠰᠢᠨ ᠢᠶᠠᠷ ᠠᠵᠢᠯᠯᠠᠬᠤ ᠶᠢ ᠬᠦᠴᠦᠲᠡᠶ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠠᠨᠠᠭᠠᠬᠤ ᠤᠬᠠᠭᠠᠨ ᠤ ᠠᠵᠢᠭᠯᠠᠯᠲᠠ ᠶᠢᠨ ᠲᠠᠯᠠᠪᠤᠷ ᠢ ᠲᠥᠪᠯᠡᠷᠡᠭᠦᠯᠦᠨ ᠲᠤᠰᠠᠭᠠᠷᠯᠠᠬᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ︽ᠡᠷᠬᠢᠨ ᠬᠠᠷᠠᠬᠤ︾᠎ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠲᠤᠰᠠᠭᠠᠷᠯᠠᠬᠤ ᠲᠠᠯᠠᠪᠤᠷ ᠤᠨ ᠡᠯ᠎ᠡ ᠵᠦᠢᠯ ᠤᠨ ᠬᠠᠯᠳᠠᠪᠤᠷᠢᠯᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号