ᠬᠠᠶᠢᠷᠤᠪ ᠤᠨ ᠲᠤᠬᠤᠢ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠨᠡᠶᠢᠭᠡᠮ ᠤᠨ ᠠᠩᠬᠠᠷᠤᠯ ᠳᠤ ᠬᠠᠷᠢᠭᠤᠯᠲᠠ ᠥᠭᠴᠡᠢ
ᠨᠡᠶᠢᠲᠡᠯᠡᠭᠰᠡᠨ ᠴᠠᠭ᠄
2022/8/15
      ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠶᠣᠰᠣᠭᠠᠷ᠂ ᠬᠠᠶᠢᠷᠤᠪ ᠤᠨ ᠲᠤᠬᠤᠢ ᠲᠣᠭᠤᠷᠢᠭ ᠨᠢ ᠰᠢᠨᠵᠢᠯᠡᠬᠦ ᠤᠬᠠᠭᠠᠨᠴᠢ ᠨᠤᠲᠠᠯᠠᠯᠲᠠ᠂ ᠬᠢᠨᠠᠭᠤᠷ ᠪᠣᠯᠭᠤᠮᠵᠢᠲᠠᠶ ᠰᠤᠳᠤᠯᠤᠯᠲᠠ ᠪᠠᠷ ᠳᠡᠮᠵᠢᠨ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠪᠠ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢ ᠬᠠᠮᠲᠤᠷᠠᠨ ᠬᠠᠶᠢᠷᠤᠪ ᠤᠨ  ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠣᠯᠭᠠᠨ ᠪᠠᠶᠢᠭᠤᠯᠤᠨ᠎ᠠ᠃ 8 ᠰᠠᠷ᠎ᠠ ᠶᠢᠨ 14᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠬᠤ ᠲᠤᠬᠠᠢ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠡᠢ᠃     1. ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠲᠤ ᠶᠠᠭᠤᠨ ᠤ ᠤᠴᠢᠷ ᠠᠴᠠ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠤᠭᠰᠠᠨ ᠪᠤᠶ ᡼     ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠳ᠋ᠦᠩ ᠮᠧᠢ    ᠨᠢᠭᠡ ᠲᠠᠯ᠎ᠠ ᠪᠠᠷ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠬᠤ ᠶᠢᠨ ᠲᠥᠯᠥᠭᠡ᠂ ᠨᠠᠷᠠᠲᠤ ᠰᠤᠷᠭᠠᠭᠤᠯᠢ ᠶᠢᠨ ᠬᠠᠮᠢᠶᠠᠷᠤᠯᠲᠠ ᠶᠢᠨ ᠵᠠᠭᠪᠤᠷ ᠢ ᠭᠠᠳᠠᠭᠰᠢ ᠭᠠᠷᠭᠠᠨ᠎ᠠ᠃ ᠨᠥᠭᠦᠭᠡ ᠲᠠᠯ᠎ᠠ ᠪᠠᠷ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠠᠩᠭᠢ ᠶᠢᠨ ᠬᠡᠪᠴᠢᠶ᠎ᠡ ᠠᠴᠠ ᠬᠡᠳᠤᠷᠡᠭᠰᠡᠨ᠂ ᠰᠤᠷᠭᠠᠭᠤᠯᠢ  ᠎ ᠶᠢᠨ ᠬᠡᠪᠴᠢᠶ᠎ᠡ ᠠᠴᠠ ᠬᠡᠳᠤᠷᠡᠭᠰᠡᠨ ᠠᠴᠠ ᠪᠣᠯᠤᠭᠰᠠᠨ ᠰᠤᠷᠭᠠᠭᠤᠯᠢ ᠶᠢᠨ ᠬᠡᠷ ᠪᠠᠶᠢᠰᠢᠩ ᠪᠠ ᠰᠤᠷᠤᠭᠴᠢᠳ ᠤᠨ ᠳᠤᠮᠳᠠᠴᠢ ᠬᠥᠳᠡᠯᠭᠡᠭᠡᠨ ᠤ ᠲᠠᠯᠠᠪᠤᠷ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠤᠡᠪᠤᠷᠢᠯᠡᠬᠦ ᠶᠢᠨ ᠲᠥᠯᠥᠭᠡ᠂ ᠣᠲᠣ ᠶᠢᠨ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠵᠦ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠤᠭᠰᠠᠨ ᠪᠠᠶᠢᠨ᠎ᠠ᠃   2. ᠶᠠᠭᠤᠨ ᠤ ᠤᠴᠢᠷ ᠠᠴᠠ ᠲᠠᠪᠤᠳᠤᠭᠠᠷ ᠪᠠᠭ᠎ᠠ ᠰᠤᠷᠭᠠᠭᠤᠯᠢ ᠶᠢᠨ 2022 ᠣᠨ ᠤ ᠨᠢᠭᠡᠳᠦᠭᠡᠷ ᠣᠨ ᠤ ᠰᠢᠨ᠎ᠡ ᠰᠤᠷᠤᠭᠴᠢᠳ ᠢ ᠪᠦᠬᠦᠨ ᠢᠶᠠᠷ ᠨᠢ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠲᠤ ᠲᠣᠬᠢᠷᠠᠭᠤᠯᠤᠭᠰᠠᠨ ᠪᠤᠶ ︖    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠳ᠋ᠦᠩ ᠮᠧᠢ    ᠪᠢᠳᠡ ᠨᠢᠭᠡᠳᠦᠭᠡᠷ ᠣᠨ ᠢᠶᠠᠨ ᠯᠦᠩ ᠶᠢᠦ ᠸᠠᠨ ᠤ ᠰᠤᠷᠭᠠᠭᠤᠯᠢ ᠶᠢᠨ ᠲᠣᠭᠤᠷᠢᠭ ᠲᠤ ᠲᠠᠯᠪᠢᠵᠤ᠂ ᠡᠭᠦᠨ ᠳᠤ ᠭᠤᠣᠯᠳᠠᠭᠤ ᠡᠬᠢᠨ ᠤ ᠣᠨ ᠨᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠰᠢᠯᠢᠳᠡᠭᠵᠢᠭᠦᠯᠬᠦ ᠳᠤ ᠨᠡᠩ ᠳᠥᠭᠦᠮ ᠪᠠᠶᠢᠵᠤ᠂ ᠪᠤᠰᠤᠳ ᠣᠨ ᠨᠢ ᠨᠢᠭᠡᠨᠲᠡ ᠣᠳᠣᠬᠢ ᠣᠷᠴᠢᠨ ᠲᠣᠭᠤᠷᠢᠨ ᠪᠠ ᠪᠠᠭᠰᠢ ᠳᠠᠭᠠᠨ ᠵᠣᠬᠢᠴᠠᠵᠠᠶ᠂ ᠬᠡᠷᠪᠡ ᠳᠤᠷ᠎ᠠ ᠪᠠᠷ ᠢᠶᠠᠨ ᠲᠣᠬᠢᠷᠠᠭᠤᠯᠬᠤ ᠳᠤ ᠬᠦᠷᠪᠡᠯ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠨᠥᠯᠥᠭᠡᠯᠡᠵᠦ ᠮᠡᠳᠡᠨ᠎ᠡ᠂ ᠡᠶᠢᠮᠦ ᠠᠴᠠ ᠪᠢᠳᠡ ᠤᠯᠠᠨ ᠲᠠᠯ᠎ᠠ ᠶᠢᠨ ᠪᠣᠳᠣᠯᠬᠢᠯᠠᠯ ᠢᠶᠠᠷ ᠳᠠᠮᠵᠢᠭᠤᠯᠤᠨ᠂ ᠨᠢᠭᠡᠳᠦᠭᠡᠷ ᠣᠨ ᠢ ᠪᠦᠬᠦᠯᠢ ᠪᠠᠷ ᠨᠢ ᠯᠦᠩ  ᠶᠢᠤ ᠸᠠᠨ ᠤ ᠰᠤᠷᠭᠠᠭᠤᠯᠢ ᠶᠢᠨ ᠲᠣᠭᠤᠷᠢᠭ ᠲᠤ ᠲᠠᠯᠪᠢᠬᠤ ᠪᠠᠷ ᠲᠣᠭᠲᠠᠵᠠᠶ᠃     ᠡᠭᠦᠨ ᠠᠴᠠ ᠭᠠᠳᠠᠨ᠎ᠠ᠂ ᠪᠢᠳᠡ ᠨᠡᠶᠢᠲᠡ ᠶᠢᠨ ᠵᠠᠮ ᠬᠠᠷᠢᠯᠴᠠᠭᠠᠨ ᠤ ᠪᠣᠬᠢᠷᠲᠤᠯ ᠥᠬᠡᠶ ᠲᠤᠰᠬᠠᠶ ᠱᠤᠭᠤᠮ ᠢ ᠨᠡᠪᠲᠡᠷᠡᠭᠦᠯᠬᠦ ᠪᠠᠷ ᠭᠤᠶᠤᠴᠢᠯᠠᠬᠤ ᠠᠷᠭ᠎ᠠ ᠮᠠᠶ᠋ᠢᠭ ᠢᠶᠠᠷ ᠵᠠᠮ ᠬᠠᠷᠢᠯᠴᠠᠭᠠᠨ ᠤ ᠠᠶᠠᠯᠠᠯ ᠢ ᠪᠠᠲᠤᠯᠠᠵᠤ᠂ ᠪᠥᠬᠦ ᠲᠤᠭᠤᠷᠢᠭ ᠤᠨ ᠭᠤᠤᠯᠯᠠᠭᠴᠢ ᠪᠠᠭᠰᠢ ᠶᠢ ᠰᠢᠯᠢᠨ ᠰᠣᠩᠭᠤᠬᠤ ᠠᠷᠭ᠎ᠠ ᠮᠠᠶ᠋ᠢᠭ ᠢᠶᠠᠷ ᠬᠠᠮᠤᠭ ᠤᠨ ᠰᠠᠶᠢᠨ ᠪᠠᠭᠰᠢ ᠶᠢᠨ ᠬᠦᠴᠦᠨ ᠢ ᠪᠠᠲᠤᠯᠠᠵᠤ᠂ ᠰᠤᠷᠭᠠᠭᠤᠯᠢ ᠡᠷᠭᠢᠯᠡᠬᠦ ᠬᠠᠲᠠᠭᠤ ᠬᠡᠷᠡᠭᠰᠡᠯ ᠢ ᠰᠠᠶᠢᠵᠢᠷᠠᠭᠤᠯᠬᠤ ᠲᠠᠯ᠎ᠠ ᠪᠠᠷ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠲᠤᠯᠠᠵᠤ᠂ ᠬᠠᠮᠤᠭ ᠤᠨ ᠰᠠᠶᠢᠨ ᠤᠶᠢᠯᠡᠴᠢᠯᠡᠭᠡ ᠪᠠ ᠲᠥᠬᠦᠮ ᠨᠥᠬᠦᠴᠡᠯ ᠢ ᠠᠯᠢ ᠴᠢᠳᠠᠬᠤ ᠪᠠᠷ ᠪᠥᠬᠦ ᠲᠠᠯ᠎ᠠ ᠪᠠᠷ ᠬᠠᠩᠭᠠᠵᠤ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠨᠢᠭᠡᠳᠦᠭᠡᠷ ᠣᠨ ᠤ ᠰᠣᠷᠣᠭᠴᠢ ᠶᠢᠨ ᠡᠷᠬᠡ ᠠᠰᠢᠭ ᠢ ᠪᠠᠲᠤᠯᠠᠨ᠎ᠠ᠃      3. 2022 ᠣᠨ ᠤ ᠨᠢᠭᠡᠳᠦᠭᠡᠷ ᠣᠨ ᠤ ᠰᠢᠨ᠎ᠡ ᠰᠣᠷᠣᠭᠴᠢ ᠯᠦᠩ ᠶᠢᠤ ᠸᠠᠨ ᠤ ᠰᠤᠷᠭᠠᠭᠤᠯᠢ ᠶᠢᠨ ᠲᠣᠭᠤᠷᠢᠭ ᠲᠤ ᠬᠡᠳᠦᠶ ᠤᠳᠠᠬᠤ ᠪᠣᠶ︖      ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠳ᠋ᠦᠩ ᠮᠧᠢ᠄    2022 ᠣᠨ ᠤ ᠨᠠᠮᠤᠷ ᠠᠴᠠ ᠡᠬᠢᠯᠡᠨ᠂ ᠨᠢᠭᠡᠳᠦᠭᠡᠷ ᠣᠨ ᠤ ᠰᠢᠨ᠎ᠡ ᠰᠤᠷᠤᠭᠴᠢᠳ ᠪᠦᠬᠦᠨ ᠢᠶᠠᠷ ᠢᠶᠠᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠴᠤᠭᠯᠠᠷᠠᠨ ᠰᠤᠷᠤᠯᠴᠠᠪᠠ᠃ ᠨᠢᠭᠡ ᠵᠢᠯ ᠤᠨ ᠳᠠᠷᠠᠭ᠎ᠠ᠂ ᠪᠠᠭᠰᠢ ᠰᠤᠷᠤᠭᠴᠢᠳ ᠱᠢ ᠴᠧᠩ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠲᠠᠭᠠᠨ ᠪᠤᠴᠠᠵᠤ ᠬᠤᠶᠠᠳᠤᠭᠠᠷ ᠣᠨ ᠠᠴᠠ ᠵᠢᠷᠭᠤᠳᠤᠭᠠᠷ ᠣᠨ ᠳᠤ ᠰᠤᠷᠤᠯᠴᠠᠵᠤ᠂ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠨᠢᠭᠡᠳᠦᠭᠡᠷ ᠣᠨ ᠤ ᠰᠤᠷᠤᠭᠴᠢ ᠶᠢ ᠰᠢᠨ᠎ᠡ ᠪᠠᠷ ᠡᠯᠰᠡᠵᠦ ᠡᠬᠢᠯᠡᠪᠡ᠃     4. ᠯᠦᠩ ᠶᠢᠤ ᠸᠠᠨ ᠤ ᠰᠤᠷᠭᠠᠭᠤᠯᠢ ᠶᠢᠨ ᠲᠣᠭᠤᠷᠢᠭ ᠲᠤ ᠰᠤᠷᠤᠯᠴᠠᠭᠰᠠᠨ ᠤ ᠳᠠᠷᠠᠭ᠎ᠠ᠂ ᠡᠭᠦᠨ ᠠᠴᠠ ᠪᠣᠯᠤᠭᠰᠠᠨ ᠵᠠᠮ ᠬᠠᠷᠢᠯᠴᠠᠭ᠎ᠠ᠂ ᠪᠠᠭᠰᠢ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠵᠡᠷᠭᠡ ᠠᠰᠠᠭᠤᠳᠠᠯ ᠢ ᠬᠡᠷᠬᠢᠨ  ᠰᠢᠢᠤᠡᠪᠤᠷᠢᠯᠡᠬᠦ ᠪᠤᠶ ᡼    ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠠᠷᠤᠭ᠎ᠠ ᠵᠠᠩ ᠴᠦᠨ ᠫᠢᠩ    ᠯᠦᠩ ᠶᠸᠤ ᠸᠠᠨ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠳᠤ ᠣᠷᠣᠬᠤ ᠪᠠ ᠪᠠᠭᠤᠬᠤ ᠵᠠᠮ ᠬᠠᠷᠢᠯᠴᠠᠭᠠᠨ ᠤ ᠠᠰᠠᠭᠤᠳᠠᠯ ᠳᠤ ᠴᠢᠭᠯᠡᠭᠦᠯᠦᠨ᠂ ᠪᠢᠳᠡ ᠨᠢᠭᠡᠨᠲᠡ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠲᠠᠢ ᠬᠤᠯᠪᠣᠭᠠᠯᠠᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠠ ᠪᠠᠭᠤᠬᠤ ᠴᠠᠭ ᠢ ᠦᠨᠳᠦᠰᠦᠯᠡᠨ ᠨᠡᠶᠢᠲᠡ ᠶᠢᠨ ᠮᠠᠰᠢᠨ ᠲᠡᠷᠭᠡᠨ ᠤ ᠲᠤᠰᠬᠠᠶ ᠱᠤᠭᠤᠮ ᠢ ᠲᠣᠬᠢᠷᠠᠭᠤᠯᠵᠤ᠂ ᠲᠡᠷᠡ ᠦᠶ᠎ᠡ ᠳᠤ ᠮᠠᠨ ᠤ ᠬᠡᠷ ᠤᠨ ᠠᠬᠠᠮᠠᠳ ᠪᠣᠯᠤᠨ ᠬᠡᠤᠬᠡᠳ ᠤᠳ ᠴᠥᠮ ᠰᠤᠶᠢᠤᠡᠭᠡᠯ ᠠᠪᠬᠤ ᠥᠬᠡᠶ ᠪᠠᠷ ᠰᠠᠭᠤᠵᠤ ᠪᠣᠯᠤᠨ᠎ᠠ᠃ ᠪᠢᠳᠡ ᠦᠬᠠᠶ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠲᠠᠢ ᠨᠢᠭᠡᠨᠲᠡ ᠬᠤᠯᠪᠣᠭ᠎ᠠ ᠠᠪᠴᠤ᠂ ᠳᠣᠬᠢᠶᠠᠨ ᠳ᠋ᠧᠩ ᠵᠢᠴᠢ ᠵᠢᠭᠠᠯᠲᠠ ᠲᠡᠮᠳᠡᠭ ᠲᠠᠭᠠᠷᠠᠭᠤᠯᠵᠤ᠂ ᠬᠡᠷ ᠤᠨ ᠠᠬᠠᠮᠠᠳ ᠤᠨ ᠲᠤᠰᠴᠤ ᠬᠦᠷᠭᠡᠬᠦ ᠵᠠᠮ ᠱᠤᠭᠤᠮ ᠪᠠ ᠴᠠᠭ ᠢ ᠤᠷᠢᠳᠴᠢᠯᠠᠨ ᠲᠥᠯᠥᠪᠯᠡᠨ ᠳᠣᠭᠢᠷᠠᠭᠤᠯᠵᠤ᠂ ᠵᠠᠮ ᠬᠠᠷᠢᠯᠴᠠᠭᠠᠨ ᠤ ᠴᠠᠭᠳᠠᠭ᠎ᠠ ᠰᠤᠷᠭᠠᠭᠤᠯᠢ ᠳᠤ ᠪᠠᠭᠤᠬᠤ ᠬᠤᠭᠤᠴᠠᠭᠠᠨ ᠳᠠᠭᠠᠨ ᠵᠠᠮ ᠬᠠᠷᠢᠯᠴᠠᠭ᠎ᠠ ᠶᠢ ᠵᠢᠯᠣᠭᠤᠳᠴᠤ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ᠂ ᠲᠤᠰᠴᠤ ᠬᠦᠷᠭᠡᠬᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ ᠡᠭᠦᠨ ᠤ ᠵᠡᠷᠭᠡ ᠳᠤ ᠪᠢᠳᠡ ᠪᠠᠰᠠ ᠲᠦᠷ ᠴᠠᠭ ᠤᠨ ᠲᠡᠷᠭᠡ ᠵᠣᠭᠰᠣᠭᠠᠬᠤ ᠭᠠᠵᠠᠷ ᠪᠠᠶᠢᠭᠤᠯᠵᠤ᠂ ᠬᠡᠦᠬᠡᠳ ᠤᠳ ᠢ ᠲᠡᠷᠭᠡ ᠵᠢᠯᠣᠭᠤᠳᠤᠨ ᠲᠤᠰᠴᠤ ᠬᠦᠷᠭᠡᠬᠦ ᠭᠡᠷ ᠤᠨ ᠠᠬᠠᠮᠠᠳ ᠲᠤ ᠲᠡᠷᠭᠡ ᠵᠣᠭᠰᠣᠭᠠᠬᠤ ᠭᠠᠵᠠᠷ ᠬᠠᠩᠭᠠᠵᠤ ᠪᠠᠶᠢᠨ᠎ᠠ᠃ ᠪᠠᠭᠰᠢ ᠶᠢᠨ ᠠᠰᠠᠭᠤᠳᠠᠯ ᠤᠨ ᠲᠤᠬᠠᠶ᠂ ᠪᠢᠳᠡ ᠣᠲᠣ ᠨᠢᠭᠡᠨᠲᠡ ᠪᠥᠬᠦ ᠲᠤᠭᠤᠷᠢᠭ ᠲᠤ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠬᠤᠲᠠ ᠶᠢᠨ ᠲᠠᠰ ᠠᠴᠠ ᠳᠡᠭᠡᠭᠰᠢᠬᠢ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠵᠡᠷᠭᠡ ᠭᠤᠤᠯᠯᠠᠭᠴᠢ ᠪᠠᠭᠰᠢ ᠶᠢ ᠰᠣᠩᠭᠤᠨ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠲᠤ ᠪᠠᠭᠰᠢᠯᠠᠭᠤᠯᠵᠤ᠂ ᠭᠤᠤᠯᠯᠠᠭᠴᠢ ᠪᠠᠭᠰᠢ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠤᠶᠢᠯᠡᠳᠤᠯ ᠢ ᠭᠦᠢᠴᠡᠤᠡ ᠪᠠᠳᠠᠷᠠᠭᠤᠯᠪᠠ᠃ ᠡᠭᠦᠨ ᠤ ᠬᠠᠮᠲᠤ ᠪᠢᠳᠡ ᠪᠠᠰᠠ ᠱᠢ ᠴᠧᠩ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠤᠨ ᠰᠢᠯᠢᠳᠡᠭ ᠪᠠᠭᠰᠢ ᠶᠢ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠲᠤ ᠨᠢᠭᠡᠳᠦᠯᠲᠡᠶ ᠲᠣᠬᠢᠷᠠᠭᠤᠯᠤᠨ ᠪᠠᠭᠰᠢᠯᠠᠭᠤᠯᠵᠤ᠂ ᠮᠠᠨ ᠤ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠤᠨ ᠪᠠᠭᠰᠢ ᠶᠢᠨ ᠬᠦᠴᠦᠨ ᠢ  ᠪᠠᠳᠤᠯᠠᠨ᠎ᠠ᠃    ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠤᠨ ᠵᠢᠭᠠᠨ ᠰᠤᠷᠭᠠᠯᠲᠠ ᠶᠢᠨ ᠠᠮᠢᠳᠤᠷᠠᠯ ᠤᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠶᠠᠭ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠨ᠎ᠠ᠂ ᠵᠢᠱᠢᠯᠲᠡ ᠪᠠᠷ 500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠤᠷᠢᠳᠠᠪᠠᠷ ᠭᠦᠢᠴᠡᠤᠡ ᠳᠣᠭᠢᠷᠠᠭᠤᠯᠤᠨ᠎ᠠ᠃ ᠪᠢᠳᠡ ᠨᠢᠭᠡᠨᠲᠡ ᠬᠢᠴᠢᠶᠡᠯ ᠤᠨ ᠭᠡᠷ ᠪᠣᠯᠭᠠᠨ ᠳᠤ ᠰᠢᠨ᠎ᠡ ᠰᠢᠷᠡᠭᠡ ᠰᠠᠨᠳᠠᠯᠢ ᠪᠠ ᠬᠠᠮᠤᠭ ᠤᠨ ᠲᠡᠷᠢᠭᠦᠨ ᠤ ᠤᠶᠤᠨ ᠪᠢᠯᠢᠭ ᠤᠨ ᠰᠠᠮᠪᠠᠷ᠎ᠠ ᠶᠢ ᠰᠣᠯᠢᠵᠤ ᠥᠭᠭᠦᠭᠡᠳ᠂ ᠰᠤᠷᠭᠠᠭᠤᠯᠢ ᠶᠢᠨ ᠭᠡᠷ ᠪᠠᠶᠢᠰᠢᠩ᠂ ᠲᠠᠮᠢᠷ ᠤᠨ ᠲᠠᠯᠠᠪᠠᠢ᠂ ᠪᠠᠶᠢᠷᠢ ᠶᠢᠨ ᠭᠡᠷ ᠢ ᠴᠦ ᠥᠩᠭᠡᠯᠡᠨ ᠰᠢᠷᠳᠡᠵᠤ᠂ ᠰᠡᠯᠪᠢᠨ ᠵᠠᠰᠠᠵᠤ ᠥᠭᠡᠷᠡᠴᠢᠯᠡᠪᠡ᠃ ᠦᠳᠡ ᠳᠤ ᠬᠡᠦᠬᠡᠳ ᠢᠶᠠᠨ ᠲᠣᠰᠴᠤ ᠬᠦᠷᠭᠡᠬᠦ ᠵᠠᠪ ᠦᠭᠡᠢ ᠭᠡᠷ ᠤᠨ ᠠᠬᠠᠮᠠᠳ ᠲᠤ ᠲᠠ ᠰᠠᠨᠠᠭ᠎ᠠ ᠠᠮᠤᠷ ᠪᠠᠶᠢᠭᠠᠷᠠᠶ᠂ ᠮᠠᠨ ᠤ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠬᠤᠭᠤᠯᠠᠨ ᠭᠡᠷ ᠪᠠ ᠪᠠᠶᠢᠷᠢ ᠲᠠᠢ ᠪᠣᠯᠬᠤᠷ ᠬᠡᠦᠬᠡᠳ ᠲᠡᠭᠡᠨ ᠦᠳᠡ ᠶᠢᠨ ᠬᠤᠭᠤᠯᠠ ᠪᠠ ᠦᠳᠡ ᠶᠢᠨ ᠠᠮᠠᠷᠠᠯᠲᠠ ᠶᠢ ᠬᠠᠩᠭᠠᠵᠤ ᠪᠣᠯᠤᠨ᠎ᠠ᠃    5. ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠳᠠᠷᠠᠭᠠᠴᠢ ᠶᠢᠨ ᠠᠯᠬᠤᠮ ᠳᠤ ᠬᠡᠷᠬᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠣᠭᠲᠠᠴᠠ ᠶᠢ ᠰᠢᠯᠢᠳᠡᠭᠵᠢᠭᠦᠯᠦᠨ᠂ ᠪᠦᠯᠦᠭᠯᠡᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠤᠶ︖    ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠵᠠᠩ ᠰᠢᠶᠠ᠄    ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠰᠤᠷᠭᠠᠭᠤᠯᠢ ᠶᠢ ᠮᠠᠨᠳᠤᠭᠤᠯᠬᠤ ᠶᠢ ᠪᠠᠷᠢᠮᠲᠠᠯᠠᠵᠤ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠤᠨ ᠪᠠᠭᠰᠢ ᠶᠢ ᠲᠠᠪᠤᠳᠤᠭᠠᠷ ᠪᠠᠭ᠎ᠠ ᠰᠤᠷᠭᠠᠭᠤᠯᠢ ᠶᠢᠨ ᠱᠢ  ᠴᠧᠩ ᠰᠤᠷᠭᠠᠭᠤᠯᠢ ᠶᠢᠨ ᠲᠣᠭᠤᠷᠢᠭ ᠤᠨ ᠵᠢᠭᠠᠨ ᠰᠤᠳᠤᠯᠬᠤ ᠪᠦᠯᠬᠦᠮ ᠤᠨ ᠬᠠᠮᠢᠶᠠᠷᠤᠯᠲᠠ ᠪᠠ ᠬᠥᠮᠦᠵᠢᠭᠦᠯᠦᠯ ᠳᠤ ᠣᠷᠣᠭᠤᠯᠵᠤ᠂ ᠪᠠᠭᠰᠢ ᠶᠢᠨ ᠦᠰᠦᠨ ᠪᠤᠶᠢᠵᠢᠯᠲᠠ ᠳᠤ ᠬᠦᠴᠦ ᠨᠡᠮᠡᠷᠢᠯᠡᠬᠦ ᠬᠡᠷᠡᠭᠲᠡᠢ᠃ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠦᠨᠡᠯᠡᠬᠦ ᠶᠢ ᠰᠣᠨᠣᠰᠬᠤ ᠠᠵᠢᠯᠯᠠᠭ᠎ᠠ ᠶᠢ ᠪᠠᠷᠢᠮᠲᠠᠯᠠᠨ᠂ ᠵᠢᠭᠠᠨ ᠰᠤᠳᠤᠯᠬᠤ ᠠᠵᠢᠯᠯᠠᠭ᠎ᠠ ᠶᠢ ᠰᠢᠯᠢᠳᠡᠭᠵᠢᠭᠦᠯᠵᠦ᠂ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠠᠷᠭ᠎ᠠ ᠶᠢ ᠡᠮᠬᠢᠯᠡᠨ ᠨᠡᠶᠢᠯᠡᠭᠦᠯᠵᠦ᠂ ᠤᠳᠠᠭ᠎ᠠ ᠪᠦᠷᠢ ᠶᠢᠨ ᠵᠢᠭᠠᠨ ᠰᠤᠳᠤᠯᠬᠤ ᠠᠵᠢᠯᠯᠠᠭ᠎ᠠ ᠶᠢᠨ ᠶᠠᠰᠤ ᠴᠢᠨᠠᠷ ᠪᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ︔ ᠵᠢᠭᠠᠨ ᠰᠤᠳᠤᠯᠤᠭᠴᠢ᠂ ᠵᠢᠭᠠᠨ ᠰᠤᠷᠭᠠᠯᠲᠠ ᠶᠢᠨ ᠰᠤᠷᠭᠠᠭᠤᠯᠢ ᠶᠢᠨ ᠵᠠᠬᠢᠷᠤᠯ᠂ ᠭᠤᠣᠯᠯᠠᠭᠴᠢ ᠪᠠᠭᠰᠢ ᠶᠢᠨ ᠭᠤᠷᠪᠠᠨ ᠳᠡᠰ ᠤᠨ ᠵᠢᠯᠣᠭᠤᠳᠬᠤ ᠪᠦᠯᠬᠦᠮ ᠢ ᠠᠰᠢᠭᠯᠠᠵᠤ᠂ ᠰᠤᠷᠭᠠᠭᠤᠯᠢ ᠶᠢᠨ ᠳᠣᠲᠣᠭᠠᠳᠤ ᠳᠤ ᠬᠠᠷᠢᠯᠴᠠᠨ ᠰᠤᠷᠤᠯᠴᠠᠬᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠬᠦ ᠵᠢᠭᠠᠨ ᠰᠤᠷᠭᠠᠯᠲᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠬᠠᠮᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ︔ ᠵᠢᠭᠠᠨ ᠰᠤᠷᠭᠠᠯᠲᠠ ᠶᠢᠨ ᠵᠤᠷᠰᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠳᠠᠰᠬᠠᠯ ᠤᠨ ᠬᠠᠮᠢᠶᠠᠷᠤᠯᠲᠠ ᠂ ᠦᠨᠡᠯᠡᠯᠲᠡ ᠶᠢᠨ ᠬᠠᠷᠢᠭᠤ ᠲᠤᠰᠬᠠᠯ᠂ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ ᠨᠢᠭᠡᠳᠦᠯᠲᠡᠢ ᠱᠠᠭᠠᠷᠳᠠᠵᠤ᠂ ᠬᠤᠶᠠᠷ ᠰᠤᠷᠭᠠᠭᠤᠯᠢ ᠶᠢᠨ ᠲᠣᠭᠤᠷᠢᠭ ᠤᠨ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠦᠨᠡᠯᠡᠯᠲᠡ ᠶᠢᠨ ᠬᠠᠷᠠᠯᠲᠠ ᠪᠠ ᠦᠷ᠎ᠡ ᠪᠦᠲᠦᠮᠵᠢ ᠶᠢ ᠪᠡᠶᠡᠯᠡᠭᠦᠯᠵᠦ᠂ ᠮᠠᠨ ᠤ  ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠡᠯ᠎ᠡ ᠰᠤᠷᠭᠠᠭᠤᠯᠢ ᠶᠢᠨ ᠲᠣᠭᠤᠷᠢᠭ ᠢ ᠨᠢᠭᠡ ᠰᠡᠳᠬᠢᠯ ᠨᠢᠭᠡ ᠴᠢᠭᠯᠡᠯ ᠢᠶᠠᠷ ᠢᠵᠢᠯ ᠠᠯᠬᠤᠮ ᠢᠶᠠᠷ ᠤᠷᠤᠭᠰᠢᠯᠠᠭᠤᠯᠵᠤ᠂ ᠡᠭᠦᠨ ᠤ ᠤᠯᠠᠮ ᠠᠴᠠ ᠬᠠᠮᠲᠤ ᠪᠠᠷ ᠳᠠᠪᠰᠢᠵᠤ᠂ ᠬᠠᠮᠲᠤ ᠪᠠᠷ ᠳᠡᠭᠡᠭᠰᠢᠯᠡᠭᠦᠯᠬᠦ ᠦᠢᠯᠡᠳᠦᠯ ᠲᠠᠢ ᠪᠣᠯᠭᠠᠨ᠎ᠠ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号