ᠬᠠᠶᠢᠷᠤᠪ ᠤᠨ ᠲᠤᠬᠤᠢ ᠲᠣᠭᠤᠷᠢᠭ ᠲᠤ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2022/8/15
ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠡᠷ ᠤᠨ ᠠᠬᠠᠮᠠᠳ ᠲᠤ ᠥᠭᠭᠦᠭᠰᠡᠨ ᠵᠠᠬᠢᠳᠠᠯ     ᠬᠦᠨᠳᠦᠲᠦ ᠭᠡᠷ ᠤᠨ ᠠᠬᠠᠮᠠᠳ ᠨᠠᠷ ᠠ᠄     ᠰᠠᠶᠢᠨ ᠤᠤ︕ ᠶᠠᠭᠤᠨ ᠤ ᠡᠮᠦᠨ᠎ᠡ᠂ ᠲᠠᠨ ᠤ ᠦᠷ᠎ᠡ ᠬᠡᠦᠬᠡᠳ ᠢᠶᠠᠨ ᠰᠤᠷᠭᠠᠨ ᠬᠥᠮᠦᠵᠢᠭᠦᠯᠬᠦ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠳᠤ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠦᠶ᠎ᠡ︕ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠲᠠᠨ ᠤ ᠢᠮᠠᠭᠲᠠ ᠶᠡᠭᠡ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕     ᠡ᠊ᠨᠳᠡ ᠪᠢᠳᠡ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠨᠢᠭᠡᠨ ᠴᠢᠬᠤᠯᠠ ᠶᠡᠭᠡ ᠶᠠᠪᠤᠳᠠᠯ ᠢ ᠤᠯᠠᠨ ᠳᠤ ᠬᠡᠯᠡᠵᠦ ᠥᠭᠭᠦᠶ᠎ᠡ︕ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠶᠣᠰᠣᠭᠠᠷ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠵᠠᠭᠪᠤᠷ᠂ ᠠᠩᠭᠢ ᠶᠢᠨ ᠵᠠᠭᠪᠤᠷ ᠴᠥᠮ ᠪᠠᠷᠢᠮᠵᠢᠶ᠎ᠠ ᠠᠴᠠ ᠳᠠᠪᠠᠭᠰᠠᠨ ᠠᠴᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠨ᠎ᠠ᠃ ᠮᠠᠨ ᠤ  ᠲᠤᠭᠤᠷᠢᠭ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠰᠢᠨᠵᠢᠯᠡᠬᠦ ᠤᠬᠠᠭᠠᠨᠴᠢ ᠪᠠᠷ ᠨᠤᠲᠠᠯᠠᠬᠤ᠂ ᠬᠢᠨᠠᠭᠤᠷ ᠪᠣᠯᠭᠤᠮᠵᠢᠲᠠᠢ ᠰᠤᠳᠤᠯᠬᠤ ᠪᠠᠷ ᠳᠠᠮᠵᠢᠨ᠂ ᠰᠢᠯᠢᠳᠡᠭ ᠰᠤᠷᠭᠠᠭᠤᠯᠢ ᠪᠠᠷ ᠬᠥᠭᠵᠢᠯᠲᠡ ᠶᠢ ᠳᠠᠶᠢᠴᠢᠯᠠᠬᠤ ᠠᠷᠭ᠎ᠠ ᠬᠡᠯᠪᠡᠷᠢ ᠪᠠᠷ ᠳᠠᠮᠵᠢᠭᠤᠯᠵᠤ᠂ ︽ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ︾ ᠰᠢᠨ᠎ᠡ ᠵᠠᠭᠪᠤᠷ ᠢ ᠬᠡᠷᠡᠭᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢ ᠬᠠᠮᠲᠤᠷᠠᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠠᠶᠢᠭᠤᠯᠵᠤ᠂ ᠮᠠᠨ ᠤ ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠲᠣᠭᠲᠠᠪᠠ᠃    ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠣᠶᠢᠯᠠᠭᠠᠬᠤ ᠤᠤ︖   ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠪᠠ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠬᠤᠯᠪᠣᠭᠠᠯᠠᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠤᠭᠰᠠᠨ ᠤ ᠳᠠᠷᠠᠭ᠎ᠠ᠂ ᠶᠡᠷᠦᠩᠬᠡᠢ ᠳᠤᠨᠢ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠭᠡᠵᠦ ᠨᠡᠷᠡᠶᠢᠳᠦᠭᠳᠡᠵᠦ᠂ ᠤᠤᠯ ᠤᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠱᠢ ᠴᠧᠩ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠭᠡᠵᠦ ᠬᠠᠯᠠᠵᠤ᠂ ᠤᠤᠯ ᠤᠨ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠭᠡᠵᠦ ᠬᠠᠯᠠᠵᠠᠢ᠃ ᠬᠤᠶᠠᠷ ᠰᠤᠷᠭᠠᠭᠤᠯᠢ ᠶᠢᠨ ᠲᠣᠭᠤᠷᠢᠭ ᠲᠤ ᠨᠢᠭᠡᠳᠦᠯᠲᠡᠶ ᠪᠠᠷ ᠬᠡᠰᠡᠭ ᠬᠤᠪᠢᠶᠠᠵᠤ᠂ ᠨᠢᠭᠡᠳᠦᠯᠲᠡᠶ ᠪᠠᠷ ᠰᠤᠷᠤᠭᠴᠢ ᠡᠯᠰᠡᠨ᠎ᠡ᠃ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠬᠢᠨ ᠨᠢᠭᠡ ᠰᠤᠷᠭᠠᠭᠤᠯᠢ ᠣᠯᠠᠨ ᠲᠣᠭᠤᠷᠢᠭ ᠤᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠭᠦᠳᠴᠦ᠂ ᠪᠦᠬᠦ ᠲᠤᠭᠤᠷᠢᠭ ᠤᠨ ᠪᠠᠭᠰᠢ ᠨᠠᠷ ᠢ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ᠂ ᠰᠤᠷᠭᠠᠨ ᠬᠥᠮᠦᠵᠢᠯ ᠢ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠲᠡᠳᠡᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠠᠵᠢᠯᠯᠠᠭᠤᠯᠵᠤ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠰᠤᠷᠭᠠᠨ ᠬᠥᠮᠦᠵᠢᠯ ᠤᠨ ᠣᠨᠣᠯᠵᠢᠬᠤᠨ ᠢ ᠳᠡᠭᠡᠭᠰᠢᠯᠡᠭᠦᠯᠦᠨ᠂ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠨᠢᠭᠡ ᠴᠤᠭᠴᠠᠵᠢᠭᠤᠯᠬᠤ᠂ ᠪᠠᠭᠰᠢ ᠶᠢ ᠬᠠᠮᠲᠤ ᠪᠠᠷ ᠡᠳ᠋ᠯᠡᠬᠦ᠂ ᠰᠣᠷᠣᠭᠴᠢ ᠶᠢ ᠬᠠᠷᠢᠯᠴᠠᠨ ᠠᠬᠢᠭᠤᠯᠬᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠣᠭᠲᠠᠴᠠ ᠶᠢ ᠪᠡᠶᠡᠯᠡᠭᠦᠯᠵᠦ᠂ ᠨᠡᠭᠡᠭᠡᠯᠲᠡᠲᠦ ᠮᠠᠶ᠋ᠢᠭ ᠤᠨ ᠰᠤᠷᠭᠠᠭᠤᠯᠢ ᠡᠷᠭᠢᠯᠡᠬᠦ ᠡᠷᠴᠢᠮ ᠢ ᠴᠢᠩᠭᠠᠷᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠪᠡ᠃    ︽ᠪᠦᠯᠦᠭᠯᠡᠯ ᠢᠶᠠᠷ ᠰᠤᠷᠭᠠᠭᠤᠯᠢ ᠡᠷᠭᠢᠯᠡᠬᠦ︾᠎ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠡᠤᠬᠡᠳ ᠤᠨ ᠭᠥᠷᠳᠡᠬᠦ ᠰᠤᠷᠭᠠᠨ ᠬᠥᠮᠦᠵᠢᠯ ᠤᠨ ᠶᠠᠰᠤ ᠴᠢᠨᠠᠷ ᠨᠢ ᠪᠠᠭᠤᠷᠠᠬᠤ ᠤᠤ ᠥᠬᠡᠶ ᠤᠤ︖    ᠲᠡᠢᠮᠦ ᠪᠢᠰᠢ︕ ︽ᠪᠦᠯᠦᠭᠯᠡᠨ ᠰᠤᠷᠭᠠᠭᠤᠯᠢ ᠡᠷᠭᠢᠯᠡᠬᠦ︾᠎ ᠶᠢ ᠬᠡᠷᠡᠭᠵᠢᠭᠦᠯᠵᠦ᠂ ᠬᠠᠶᠢᠷᠤᠪ ᠤᠨ  ᠲᠤᠬᠤᠢ ᠲᠤᠭᠤᠷᠢᠭ ᠤᠨ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠪᠢᠳᠡ ᠡᠨᠡᠬᠦ ᠢᠨᠵᠧᠨᠧᠷᠢᠩ ᠤᠨ ᠬᠡᠷᠡᠭᠵᠢᠭᠦᠯᠦᠯᠲᠡ ᠪᠠ ᠨᠠᠶᠢᠳᠠᠪᠤᠷᠢᠵᠢᠭᠤᠯᠤᠯᠲᠠ ᠵᠢ‌‍ᠲ᠋ᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠨᠠᠷ ᠰᠠᠶᠢᠲᠠᠶ ᠰᠤᠷᠭᠠᠭᠤᠯᠢ ᠶᠢᠨ ᠪᠦᠯᠦᠭᠯᠡᠯ ᠤᠨ ᠬᠥᠭᠵᠢᠯᠲᠡ ᠶᠢ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠤᠡ ᠲᠠᠨᠢᠵᠤ᠂ ᠲᠡᠷᠢᠭᠦᠨ ᠤ ᠭᠠᠵᠠᠷ ᠣᠷᠣᠨ ᠤ ᠰᠤᠷᠭᠠᠭᠤᠯᠢ ᠡᠷᠭᠢᠯᠡᠭᠰᠡᠨ ᠲᠤᠷᠰᠢᠯᠭ᠎ᠠ ᠶᠢ ᠢᠳᠡᠪᠬᠢᠲᠡᠶ ᠪᠠᠷ ᠰᠢᠩᠭᠡᠭᠡᠨ ᠠᠪᠴᠤ᠂ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠭᠤᠷᠪᠠ ᠠᠴᠠ ᠲᠠᠪᠤᠨ ᠵᠢᠯ ᠤᠨ ᠬᠤᠭᠤᠴᠠᠭ᠎ᠠ ᠶᠢ ᠠᠰᠢᠭᠯᠠᠨ ᠬᠠᠶᠢᠷᠤᠪ ᠤᠨ ᠲᠣᠬᠤᠶ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠬᠠᠶᠢᠷᠤᠪ ᠤᠨ ᠲᠣᠬᠤᠶ ᠲᠣᠭᠤᠷᠢᠭ ᠤᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠨᠠᠷᠠᠲᠤ ᠲᠡᠮᠳᠡᠭ ᠪᠣᠯᠭᠠᠬᠤ ᠪᠠᠷ ᠴᠢᠷᠮᠠᠶᠢᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠬᠡᠷᠬᠢᠨ ᠰᠠᠶᠢᠲᠤᠷ ᠪᠠᠶᠢᠭᠤᠯᠬᠤ ᠪᠤᠢ︖    ᠪᠢᠳᠡ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠢᠭᠡ ᠳᠤ᠂ ᠨᠢᠭᠡᠳᠦᠯᠲᠡᠢ ᠤᠳᠤᠷᠢᠳᠬᠤ ᠪᠠᠭ ᠢ ᠪᠠᠶᠢᠭᠤᠯᠵᠤ᠂ ᠪᠦᠬᠦ  ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠥᠷᠢᠰᠥᠯᠳᠦᠭᠦᠯᠦᠨ ᠤᠷᠢᠬᠤ ᠪᠠᠷ ᠳᠠᠮᠵᠢᠭᠤᠯᠵᠤ᠂ ᠬᠠᠶᠢᠷᠤᠪ ᠤᠨ ᠳᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠳᠤ ᠰᠢᠯᠢᠳᠡᠭ ᠶᠡᠷᠦᠩᠬᠡᠢ ᠵᠠᠬᠢᠷᠤᠯ ᠪᠣᠯᠤᠨ ᠡᠯ᠎ᠡ ᠰᠤᠷᠭᠠᠭᠤᠯᠢ ᠶᠢᠨ ᠲᠣᠭᠤᠷᠢᠭ ᠤᠨ ᠰᠢᠯᠢᠳᠡᠭ ᠤᠳᠤᠷᠢᠳᠬᠤ ᠪᠠᠭ ᠢ ᠰᠣᠩᠭᠤᠨ ᠳᠡᠪᠰᠢᠭᠦᠯᠵᠦ᠂ ᠰᠤᠷᠭᠠᠨ ᠬᠥᠮᠦᠵᠢᠯ ᠤᠨ ᠪᠦᠯᠦᠭᠯᠡᠯ ᠠᠴᠠ ᠡᠯ᠎ᠡ ᠰᠤᠷᠭᠠᠭᠤᠯᠢ ᠶᠢᠨ ᠲᠣᠭᠤᠷᠢᠭ ᠤᠨ ᠬᠠᠮᠢᠶᠠᠷᠤᠯᠲᠠ ᠶᠢᠨ ᠠᠵᠢᠯᠳᠠᠨ ᠢ ᠰᠣᠩᠭᠤᠨ ᠬᠡᠷᠡᠭᠯᠡᠵᠦ᠂ ᠡᠯ᠎ᠡ ᠰᠤᠷᠭᠠᠭᠤᠯᠢ ᠶᠢᠨ ᠲᠣᠭᠤᠷᠢᠭ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠳᠦᠯᠲᠡᠢ ᠳᠤᠬᠢᠷᠠᠭᠤᠯᠵᠤ᠂ ᠪᠦᠯᠦᠭᠯᠡᠯ ᠤᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠬᠤᠶᠠᠷ ᠲᠤ ᠨᠢᠭᠡᠳᠦᠯᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠶᠡᠷᠦᠩᠬᠡᠶ ᠲᠥᠯᠥᠪᠵᠢᠭᠦᠯᠭᠡ ᠪᠠ ᠬᠥᠭᠵᠢᠯᠲᠡ ᠶᠢᠨ ᠬᠠᠷᠠᠯᠲᠠ ᠶᠢ ᠪᠦᠯᠦᠭᠯᠡᠯ ᠤᠨ ᠰᠤᠷᠭᠠᠭᠤᠯᠢ ᠠᠴᠠ ᠨᠢᠭᠡᠳᠦᠯᠲᠡᠶ ᠲᠣᠭᠲᠠᠭᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠯᠬᠤᠮ ᠢᠶᠠᠨ ᠨᠢᠭᠡᠳᠬᠡᠨ᠂ ᠰᠤᠷᠭᠠᠭᠤᠯᠢ ᠬᠤᠪᠢᠶᠠᠨ ᠬᠡᠷᠡᠭᠵᠢᠭᠦᠯᠦᠨ᠎ᠡ᠃ ᠡᠯ᠎ᠡ ᠰᠤᠷᠭᠠᠭᠤᠯᠢ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠬᠡᠷᠡᠭᠯᠡᠵᠦ᠂ ᠠᠵᠢᠯ ᠢ ᠨᠢᠭᠡᠳᠦᠯᠲᠡᠶ ᠰᠢᠯᠭᠠᠨ ᠦᠨᠡᠯᠡᠵᠦ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠣᠩᠭᠤᠬᠤ᠂ ᠮᠡᠷᠭᠡᠵᠢᠯ ᠤᠨ ᠴᠣᠯᠠ ᠰᠢᠯᠭᠠᠷᠠᠭᠤᠯᠵᠤ ᠤᠷᠢᠬᠤ ᠶᠢ ᠰᠤᠷᠭᠠᠨ ᠬᠥᠮᠦᠵᠢᠯ ᠤᠨ ᠪᠦᠯᠦᠭᠯᠡᠯ ᠠᠴᠠ ᠨᠢᠭᠡᠳᠦᠯᠲᠡᠶ ᠲᠣᠬᠢᠷᠠᠭᠤᠯᠵᠤ᠂ ᠪᠠᠭᠰᠢ᠂ ᠲᠥᠬᠦᠭᠡᠷᠦᠮᠵᠢ ᠵᠡᠷᠭᠡ ᠡᠯ᠎ᠡ ᠵᠤᠶᠢᠯ ᠤᠨ ᠡᠬᠢ ᠪᠠᠶᠠᠯᠢᠭ ᠤᠨ ᠤᠶᠢᠯᠡᠳᠤᠯ ᠢ ᠭᠦᠢᠴᠡᠤᠡ ᠪᠠᠳᠠᠷᠠᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤᠪᠠᠷ ᠪᠠᠶᠢᠭᠤᠯᠬᠤ᠂ ᠬᠠᠮᠲᠤᠪᠠᠷ ᠬᠥᠮᠦᠵᠢᠭᠦᠯᠬᠦ᠂ ᠬᠠᠮᠲᠤᠪᠠᠷ ᠰᠤᠳᠤᠯᠬᠤ᠂ ᠬᠠᠮᠲᠤᠪᠠᠷ ᠡᠳ᠋ᠯᠡᠬᠦ᠂  ᠬᠠᠮᠲᠤᠪᠠᠷ ᠠᠰᠢᠭ ᠭᠥᠷᠳᠡᠬᠦ ︽ᠵᠢᠷᠭᠤᠭᠠᠨ ᠬᠠᠮᠲᠤ ᠪᠠᠷ︾᠎ ᠤᠨ ᠵᠠᠷᠴᠢᠮ ᠶᠣᠰᠣᠭᠠᠷ᠂ ᠰᠤᠷᠭᠠᠭᠤᠯᠢ ᠶᠢᠨ ᠬᠠᠮᠢᠶᠠᠷᠤᠯᠲᠠ᠂ ᠪᠠᠭᠰᠢ ᠶᠢᠨ ᠬᠥᠭᠵᠢᠯᠲᠡ᠂ ᠰᠣᠷᠣᠭᠴᠢ ᠶᠢᠨ ᠪᠤᠶᠢᠵᠢᠯᠲᠠ᠂ ᠶᠠᠰᠤ ᠴᠢᠨᠠᠷ ᠤᠨ ᠳᠡᠭᠡᠭᠰᠢᠯᠡᠯᠲᠡ ᠵᠡᠷᠭᠡ ᠲᠠᠯ᠎ᠠ ᠶᠢᠨ ᠪᠦᠲᠦᠮᠵᠢᠲᠡᠶ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠤᠶᠢᠯᠡ ᠠᠵᠢᠯᠯᠠᠭ᠎ᠠ ᠶᠢ ᠨᠠᠩ ᠵᠢᠷᠤᠮᠵᠢᠯ ᠲᠠᠢ ᠪᠣᠯᠭᠠᠬᠤ ᠶᠢ ᠦᠨᠡᠨᠬᠦ ᠪᠠᠲᠤᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠪᠦᠯᠦᠭᠯᠡᠯ ᠤᠨ ᠨᠠᠷᠠᠲᠤ ᠲᠥᠷᠥᠯ ᠲᠡᠮᠳᠡᠭᠲᠦ ᠶᠢᠨ ᠵᠢᠱᠢᠶ᠎ᠡ ᠦᠵᠡᠭᠦᠯᠦᠨ ᠳᠠᠶᠢᠴᠢᠯᠠᠬᠤ  ᠤᠶᠢᠯᠡᠳᠤᠯ ᠢ ᠪᠡᠶᠡᠯᠡᠭᠦᠯᠦᠨ᠎ᠡ᠃ ᠶᠡᠷᠦᠩᠬᠡᠶ ᠳᠤᠨᠢ ᠠᠪᠴᠤ ᠬᠡᠯᠡᠪᠡᠯ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠬᠠᠮᠢᠶᠠᠷᠤᠯᠲᠠ ᠶᠢᠨ ᠵᠠᠭᠪᠤᠷ ᠢ ᠡᠯ᠎ᠡ ᠰᠤᠷᠭᠠᠭᠤᠯᠢ ᠶᠢᠨ ᠲᠣᠭᠤᠷᠢᠭ ᠲᠤ ᠬᠡᠷᠡᠭᠯᠡᠵᠦ᠂ ᠡᠯ᠎ᠡ ᠰᠤᠷᠭᠠᠭᠤᠯᠢ ᠶᠢᠨ ᠲᠣᠭᠤᠷᠢᠭ ᠤᠨ ᠨᠠᠩ ᠲᠦᠷᠭᠡᠨ ᠬᠥᠭᠵᠢᠯᠲᠡ ᠶᠢ ᠳᠥᠯᠭᠢᠨ ᠠᠬᠢᠭᠤᠯᠵᠤ᠂ ᠨᠠᠩ ᠣᠯᠠᠨ ᠬᠡᠤᠬᠡᠳ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠨ᠎ᠡ᠃    ᠪᠦᠯᠦᠭᠯᠡᠨ ᠰᠤᠷᠭᠠᠭᠤᠯᠢ ᠡᠷᠬᠢᠯᠡᠭᠰᠡᠨ ᠤ ᠳᠠᠷᠠᠭ᠎ᠠ᠂ ᠬᠡᠤᠬᠡᠳ ᠯᠦᠩ  ᠶᠢᠤ ᠸᠠᠨ ᠤ ᠰᠤᠷᠭᠠᠭᠤᠯᠢ ᠶᠢᠨ ᠲᠣᠭᠤᠷᠢᠭ ᠲᠤ ᠵᠢᠷᠭᠤᠭᠠᠨ ᠵᠢᠯ ᠤᠨ ᠪᠥᠬᠦ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠪᠡᠶᠡᠯᠡᠭᠦᠯᠦᠨ᠎ᠡ  ᠤᠤ ᠥᠬᠡᠶ ᠤᠤ︖     ᠶᠠᠭᠠᠬᠢᠭᠰᠠᠨ ᠴᠤ ᠲᠡᠭᠡᠬᠦ ᠦᠭᠡᠢ︕ 2022 ᠣᠨ ᠤ ᠨᠠᠮᠤᠷ ᠠᠴᠠ ᠡᠬᠢᠯᠡᠨ᠂ ᠨᠢᠭᠡᠳᠦᠭᠡᠷ ᠣᠨ ᠤ ᠰᠢᠨ᠎ᠡ ᠰᠤᠷᠤᠭᠴᠢᠳ ᠪᠦᠬᠦᠨ ᠢᠶᠠᠷ ᠢᠶᠠᠨ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠲᠤ ᠴᠤᠭᠯᠠᠷᠠᠨ ᠰᠤᠷᠤᠯᠴᠠᠵᠤ᠂ ᠨᠢᠭᠡ ᠵᠢᠯ ᠤᠨ ᠳᠠᠷᠠᠭ᠎ᠠ᠂ ᠪᠠᠭᠰᠢ ᠰᠤᠷᠤᠭᠴᠢᠳ ᠱᠢ ᠴᠧᠩ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠲᠠᠭᠠᠨ ᠪᠤᠴᠠᠨ ᠬᠤᠶᠠᠳᠤᠭᠠᠷ ᠣᠨ ᠠᠴᠠ ᠵᠢᠷᠭᠤᠳᠤᠭᠠᠷ ᠣᠨ ᠳᠤ ᠰᠤᠷᠤᠯᠴᠠᠵᠤ᠂ ᠯᠦᠩ ᠢᠤ ᠸᠠᠨ ᠰᠤᠷᠭᠠᠭᠤᠯᠢ ᠶᠢᠨ ᠲᠣᠭᠤᠷᠢᠭ ᠲᠤ ᠨᠢᠭᠡᠳᠦᠭᠡᠷ ᠣᠨ ᠤ ᠰᠤᠷᠤᠭᠴᠢ ᠶᠢ ᠰᠢᠨ᠎ᠡ ᠪᠠᠷ ᠡᠯᠰᠡᠵᠡᠢ᠃ ᠱᠢ ᠴᠧᠩ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠶᠢᠨ ᠵᠠᠭᠪᠤᠷ᠂ ᠠᠩᠭᠢ ᠶᠢᠨ ᠵᠠᠭᠪᠤᠷ ᠢ ᠪᠦᠲᠦᠮᠵᠢᠲᠡᠶ ᠡᠵᠡᠮᠳᠡᠵᠦ᠂ ᠯᠦᠩ ᠶᠢᠦ ᠸᠠᠨ ᠤ ᠰᠤᠷᠭᠠᠭᠤᠯᠢ ᠶᠢᠨ ᠲᠣᠭᠤᠷᠢᠭ ᠤᠨ ᠡᠬᠢ ᠪᠠᠶᠠᠯᠢᠭ ᠢ ᠴᠤ ᠪᠦᠲᠦᠮᠵᠢᠲᠡᠶ ᠠᠰᠢᠭᠯᠠᠵᠤ ᠪᠣᠯᠤᠨ᠎ᠠ᠃     ᠯᠦᠩ ᠶᠢᠤ ᠸᠠᠨ ᠤ ᠰᠤᠷᠭᠠᠭᠤᠯᠢ ᠶᠢᠨ ᠲᠣᠭᠤᠷᠢᠭ ᠲᠤ ᠣᠴᠢᠵᠤ ᠰᠤᠷᠤᠯᠴᠠᠪᠠᠯ᠂ ᠬᠡᠤᠬᠡᠳ ᠢ ᠲᠤᠰᠴᠤ ᠬᠦᠷᠭᠡᠬᠦ ᠠᠰᠠᠭᠤᠳᠠᠯ ᠢ ᠬᠡᠷᠬᠢᠨ ᠰᠢᠢᠤᠡᠪᠤᠷᠢᠯᠡᠬᠦ ᠪᠣᠶ︖    ᠬᠡᠦᠬᠡᠳ ᠤᠨ ᠠᠮᠤᠷ ᠲᠦᠪᠰᠢᠨ ᠢ ᠪᠠᠲᠤᠯᠠᠵᠤ ᠰᠤᠷᠭᠠᠭᠤᠯᠢ ᠳᠤ ᠣᠷᠣᠬᠤ ᠪᠣᠯ ᠮᠠᠨ ᠤ ᠬᠥᠮᠦᠨ ᠢ ᠰᠤᠷᠭᠠᠨ ᠬᠥᠮᠦᠵᠢᠭᠦᠯᠬᠦ ᠬᠠᠮᠤᠭ ᠤᠨ ᠦᠨᠳᠦᠰᠦᠨ ᠱᠠᠭᠠᠷᠳᠠᠯᠭ᠎ᠠ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠨᠢᠭᠡᠨᠲᠡ ᠦᠬᠠᠢ ᠬᠤᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠬᠢ ᠲᠠᠢ ᠬᠤᠯᠪᠣᠭ᠎ᠠ ᠠᠪᠴᠤ᠂ ᠵᠠᠮ ᠬᠠᠷᠢᠯᠴᠠᠭᠠᠨ ᠤ ᠳᠤᠬᠢᠶᠠᠨ ᠳ᠋ᠧᠩ ᠵᠢᠴᠢ ᠵᠢᠭᠠᠯᠲᠠ ᠳᠡᠮᠳᠡᠭ ᠤᠭᠰᠠᠷᠠᠵᠤ᠂ ᠭᠡᠷ ᠤᠨ ᠠᠬᠠᠮᠠᠳ ᠤᠨ ᠲᠤᠰᠴᠤ ᠬᠦᠷᠭᠡᠬᠦ ᠵᠠᠮ ᠱᠤᠭᠤᠮ ᠪᠣᠯᠤᠨ ᠴᠠᠭ ᠢ ᠤᠷᠢᠳᠴᠢᠯᠠᠨ ᠲᠥᠯᠥᠪᠵᠢᠭᠦᠯᠦᠨ ᠳᠤᠬᠢᠷᠠᠭᠤᠯᠵᠤ᠂ ᠬᠡᠦᠬᠡᠳ ᠨᠢᠭᠡᠪᠦᠷᠢ ᠶᠢᠨ ᠠᠮᠤᠷ ᠲᠦᠪᠰᠢᠨ ᠢ ᠪᠠᠲᠤᠯᠠᠵᠠᠢ᠃     ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠡᠷᠬᠢᠯᠡᠬᠦ ᠨᠥᠬᠦᠴᠡᠯ ᠨᠢ ᠶᠠᠮᠠᠷ ᠪᠤᠢ︖ ᠬᠡᠦᠬᠡᠳ ᠤᠳ ᠲᠣᠭᠤᠨ᠎ᠠ  ᠤᠤ ᠦᠭᠡᠢ ᠤᠤ︖     ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠢ ᠨᠠᠩ ᠭᠤᠶᠣ᠂ ᠨᠠᠩ ᠰᠠᠶᠢᠨ ᠪᠣᠯᠭᠠᠬᠤ ᠶᠢᠨ ᠲᠥᠯᠥᠭᠡ᠂ ᠮᠠᠨ ᠤ ᠲᠤᠭᠤᠷᠢᠭ ᠶᠠᠭ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠵᠢᠱᠢᠯᠲᠡ ᠪᠠᠷ 500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠠ ᠲᠥᠬᠦᠭᠡᠷᠦᠮᠵᠢ ᠶᠢ ᠤᠷᠢᠳ ᠢᠶᠠᠷ ᠭᠦᠢᠴᠡᠤᠡ ᠳᠣᠭᠢᠷᠠᠭᠤᠯᠤᠨ᠂ ᠬᠢᠴᠢᠶᠡᠯ ᠤᠨ ᠬᠡᠷ ᠪᠣᠯᠭᠠᠨ ᠳᠤ ᠰᠢᠨ᠎ᠡ ᠬᠢᠴᠢᠶᠡᠯ ᠤᠨ ᠰᠢᠷᠡᠭᠡ ᠰᠠᠨᠳᠠᠯᠢ ᠪᠠ ᠬᠠᠮᠤᠭ ᠤᠨ ᠲᠡᠷᠢᠭᠦᠨ ᠤ ᠣᠶᠤᠨ ᠤ ᠰᠠᠮᠪᠠᠷ᠎ᠠ ᠲᠣᠬᠢᠷᠠᠭᠤᠯᠵᠤ᠂ ᠰᠤᠷᠭᠠᠭᠤᠯᠢ ᠶᠢᠨ ᠬᠡᠷ ᠪᠠᠶᠢᠰᠢᠩ᠂ ᠲᠠᠮᠢᠷ ᠤᠨ ᠲᠠᠯᠠᠪᠠᠶ᠂ ᠪᠠᠶᠢᠷᠢ ᠶᠢᠨ ᠬᠡᠷ ᠢ ᠴᠣᠬᠤᠶᠢᠳᠠᠬᠤ᠂ ᠰᠡᠯᠪᠢᠨ ᠵᠠᠰᠠᠬᠤ ᠪᠠ ᠥᠭᠡᠷᠡᠴᠢᠯᠡᠨ᠎ᠡ︔ ᠦᠳᠡ ᠳᠤ ᠬᠡᠦᠬᠡᠳ ᠢᠶᠠᠨ ᠲᠣᠰᠴᠤ ᠬᠦᠷᠭᠡᠬᠦ ᠴᠠᠭ ᠦᠭᠡᠢ ᠭᠡᠷ ᠤᠨ ᠠᠬᠠᠮᠠᠳ ᠲᠤ ᠨᠡᠩ ᠴᠤ ᠰᠠᠨᠠᠭ᠎ᠠ ᠠᠮᠤᠷ ᠪᠠᠶᠢᠵᠤ ᠪᠣᠯᠤᠨ᠎ᠠ᠂ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠤᠨ ᠬᠤᠭᠤᠯᠠᠨ ᠭᠡᠷ᠂ ᠪᠠᠶᠢᠷᠢ ᠶᠢᠨ ᠭᠡᠷ ᠨᠢ 300 ᠨᠡᠷᠡᠰ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠳᠡ ᠳᠤ ᠬᠤᠭᠤᠯᠠ ᠢᠳᠡᠬᠦ ᠪᠠ ᠦᠳᠡ ᠳᠤ ᠠᠮᠠᠷᠠᠬᠤ ᠶᠢ ᠬᠠᠩᠭᠠᠵᠤ᠂ ᠮᠠᠰᠢ ᠤᠯᠠᠨ ᠭᠡᠷ ᠪᠦᠯᠢ ᠶᠢᠨ ᠳᠠᠷᠤᠭᠠᠰᠤ ᠶᠢ ᠬᠥᠩᠭᠡᠯᠡᠵᠦ ᠪᠣᠯᠤᠨ᠎ᠠ᠃     ᠰᠣᠨᠣᠰᠤᠯᠲᠠ ᠪᠠᠷ ᠬᠠᠶᠢᠷᠤᠪ ᠤᠨ ᠲᠤᠬᠤᠢ ᠲᠣᠭᠤᠷᠢᠭ ᠤᠨ ᠬᠢᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠪᠦᠬᠦ ᠲᠤᠭᠤᠷᠢᠭ ᠤᠨ ᠬᠡᠪᠴᠢᠶᠡᠨ ᠳᠤ ᠭᠤᠣᠯᠯᠠᠭᠴᠢ ᠪᠠᠭᠰᠢ ᠶᠢ ᠰᠢᠯᠢᠨ ᠰᠣᠩᠭᠤᠵᠤ ᠪᠠᠶᠢᠨ᠎ᠠ ᠭᠡᠨ᠎ᠡ ᠂ ᠦᠨᠡᠨ ᠤᠤ︖     ᠦᠨᠡᠬᠡᠷ ᠲᠡᠢᠮᠦ︕ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠦᠬᠦ ᠲᠤᠭᠤᠷᠢᠭ ᠲᠤ ᠬᠠᠨᠳᠤᠭᠤᠯᠤᠨ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠥᠷᠨᠢᠭᠦᠯᠵᠦ᠂ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠷ ᠳᠠᠮᠵᠢᠭᠤᠯᠵᠤ᠂ ᠬᠤᠳᠠ ᠶᠢᠨ ᠲᠡᠰ ᠠᠴᠠ ᠳᠡᠭᠡᠭᠰᠢᠬᠢ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠢᠨᠵᠢᠯᠡᠭᠡᠨ ᠤ ᠰᠠᠯᠠᠭ᠎ᠠ ᠶᠢᠨ ᠲᠠᠭᠠᠭᠤᠯᠤᠬᠴᠢ ᠵᠡᠷᠭᠡ ᠭᠤᠣᠯᠯᠠᠭᠴᠢ ᠪᠠᠭᠰᠢ ᠶᠢ ᠰᠣᠩᠭᠤᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠣᠴᠢᠭᠤᠯᠵᠤ᠂ ᠭᠤᠣᠯᠯᠠᠭᠴᠢ ᠪᠠᠭᠰᠢ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠡᠭᠦᠨ ᠤ ᠬᠠᠮᠲᠤ᠂ ᠪᠢᠳᠡ ᠪᠠᠰᠠ ᠰᠤᠷᠭᠠᠨ ᠬᠥᠮᠦᠵᠢᠯ ᠤᠨ ᠪᠦᠯᠦᠭᠯᠡᠯ ᠤᠨ ᠳᠣᠲᠣᠭᠠᠳᠤ ᠳᠤ ᠱᠢ ᠴᠧᠩ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠤᠨ ᠰᠢᠯᠢᠳᠡᠭ ᠪᠠᠭᠰᠢ ᠶᠢ ᠨᠢᠭᠡᠳᠦᠯᠲᠡᠶ ᠲᠣᠬᠢᠷᠠᠭᠤᠯᠵᠤ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠲᠤ ᠪᠠᠭᠰᠢᠯᠠᠭᠤᠯᠵᠤ᠂ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠤᠨ ᠪᠠᠭᠰᠢ ᠶᠢᠨ ᠡᠩᠨᠡᠭᠡᠨ ᠤ ᠪᠦᠲᠦᠴᠡ ᠶᠢ ᠰᠠᠶᠢᠵᠢᠷᠠᠭᠤᠯᠤᠨ᠂ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠦᠨ᠎ᠡ᠃      ᠬᠠᠶᠢᠷᠠᠲᠤ ᠭᠡᠷ ᠤᠨ ᠠᠬᠠᠮᠠᠳ ᠨᠠᠶᠢᠵᠠ ᠨᠠᠷ ᠠ᠂ ︽ᠪᠦᠯᠦᠭᠯᠡᠨ ᠰᠤᠷᠭᠠᠭᠤᠯᠢ ᠡᠷᠭᠢᠯᠡᠬᠦ︾ ᠪᠣᠯ ᠮᠠᠨ ᠤ ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠮᠥᠨ᠂ ᠪᠢᠳᠡ ᠡᠨᠡ ᠬᠦ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠦᠩ ᠶᠢᠤ ᠸᠠᠨ ᠰᠤᠷᠭᠠᠭᠤᠯᠢ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠰᠤᠷᠭᠠᠭᠤᠯᠢ ᠶᠢᠨ ᠵᠠᠬᠢᠷᠤᠯ ᠢ ᠥᠷᠢᠰᠥᠯᠳᠦᠭᠦᠯᠦᠨ ᠤᠷᠢᠵᠤ᠂ ᠰᠢᠯᠢᠳᠡᠭ ᠰᠤᠷᠭᠠᠭᠤᠯᠢ ᠶᠢᠨ ᠵᠠᠬᠢᠷᠤᠯ ᠢ ᠰᠣᠩᠭᠤᠨ ᠪᠦᠯᠦᠭᠯᠡᠯ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠭᠦᠯᠵᠦ᠂ ᠠᠵᠢᠯ ᠤᠨ ᠪᠠᠶᠢᠷᠢ ᠡᠭᠡᠯᠵᠢᠯᠡᠭᠦᠯᠦᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠪᠠᠷ ᠳᠠᠮᠵᠢᠭᠤᠯᠤᠨ ᠭᠤᠤᠯᠯᠠᠭᠴᠢ ᠪᠠᠭᠰᠢ ᠶᠢ ᠲᠡᠳᠡᠨ ᠠᠪᠴᠢᠷᠠᠵᠤ ᠪᠠᠭᠰᠢᠯᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠠᠵᠢᠯᠯᠠᠭ᠎ᠠ ᠪᠠᠷ ᠬᠠᠶᠢᠷᠤᠪ ᠤᠨ ᠲᠤᠬᠤᠢ ᠲᠣᠭᠤᠷᠢᠭ ᠤᠨ ᠬᠠᠮᠤᠭ ᠤᠨ ᠰᠢᠯᠢᠳᠡᠭ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠲᠠ ᠰᠠᠨᠠᠭ᠎ᠠ ᠠᠮᠤᠷ ᠪᠠᠶᠢᠭᠠᠷᠠᠶ᠂ ᠲᠠᠨ ᠤ ᠬᠡᠦᠬᠡᠳ ᠴᠢᠨᠢ ᠯᠠᠪᠲᠠᠶ ᠬᠠᠮᠤᠭ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠨ᠎ᠡ︕ ᠲᠠ ᠰᠠᠨᠠᠭ᠎ᠠ ᠠᠮᠤᠷ ᠪᠠᠶᠢᠭᠠᠷᠠᠶ᠂ ᠲᠠᠨ ᠤ ᠬᠡᠦᠬᠡᠳ ᠴᠢᠨᠢ ᠯᠠᠪᠲᠠᠶ ᠰᠤᠷᠭᠠᠭᠤᠯᠢ᠂ ᠪᠠᠭᠰᠢ ᠶᠢᠨ ᠨᠡᠩ ᠢᠯᠡᠭᠦᠦ ᠬᠠᠶᠢᠷ᠎ᠠ ᠬᠠᠯᠠᠮᠵᠢ ᠶᠢ ᠬᠦᠷᠲᠡᠨ᠎ᠡ︕ ᠬᠡᠦᠬᠡᠳ ᠪᠣᠯ ᠭᠡᠷ ᠪᠦᠯᠢ ᠶᠢᠨ ᠬᠦᠰᠡᠯ᠂ ᠰᠤᠷᠭᠠᠭᠤᠯᠢ ᠶᠢᠨ ᠣᠮᠣᠭᠰᠢᠯ ᠮᠥᠨ᠃ ᠲᠠᠨ ᠤ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠰᠤᠷᠭᠠᠭᠤᠯᠢ ᠶᠢᠨ ᠠᠵᠢᠯ ᠢ ᠬᠠᠯᠠᠮᠵᠢᠯᠠᠵᠤ᠂ ᠬᠡᠦᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠵᠤ᠂ ᠪᠢᠳᠠ ᠬᠠᠮᠲᠤᠪᠠᠷ ᠭᠠᠷ ᠬᠤᠯᠪᠣᠨ ᠬᠠᠮᠲᠤᠪᠠᠷ ᠴᠢᠷᠮᠠᠶᠢᠵᠤ᠂ ᠬᠠᠮᠲᠤᠪᠠᠷ ᠴᠢᠷᠮᠠᠶᠢᠵᠤ ᠪᠠᠢᠭᠠᠳ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠰᠢᠨ᠎ᠡ ᠦᠨᠳᠦᠷᠴᠡ ᠲᠡᠰᠢ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ︕         ᠬᠡᠷᠪᠡ ᠭᠡᠷ ᠤᠨ ᠠᠬᠠᠮᠠᠳ ᠨᠠᠶᠢᠵᠠ ᠨᠥᠬᠦᠳ ᠶᠠᠮᠠᠷ ᠠᠰᠠᠭᠤᠳᠠᠯ  ᠪᠠᠶᠢᠪᠠᠯ    ᠰᠢᠭᠤᠳ ᠪᠢᠳᠡᠨ ᠤ ᠠᠰᠠᠭᠤᠨ ᠯᠠᠪᠯᠠᠬᠤ ᠤᠲᠠᠰᠤ ᠶᠢ ᠤᠲᠠᠰᠤᠳᠠᠵᠤ ᠪᠣᠯᠤᠨ᠎ᠠ     ᠠᠰᠠᠭᠤᠨ ᠯᠠᠪᠯᠠᠬᠤ ᠤᠲᠠᠰᠤ᠄     ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ᠄     0473 —2058069     ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠳᠤ᠄     15247355532             13847363456 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号