ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 34 ᠳ᠋ᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/18
      8 ᠰᠠᠷ᠎ᠠ ᠶᠢᠨ 16᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 34 ᠳ᠋ᠦᠭᠡᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
20220818100127251001.jpg    
      ᠬᠤᠷᠠᠯ ᠠᠴᠠ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠥᠰᠦᠯ ᠳᠤ ᠵᠠᠰᠠᠪᠤᠷᠢ ᠣᠷᠣᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠤᠬᠤᠢ ᠲᠣᠭᠤᠷᠢᠭ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠳᠠᠶᠢᠨ ᠤ ᠭᠠᠷ ᠳᠡᠪᠲᠡᠷ︾᠎ ᠢ ᠨᠠᠶᠢᠷᠠᠭᠤᠯᠤᠨ ᠪᠢᠴᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
20220818100128755002.jpg    
      ᠰᠦᠨ ᠬᠤᠤ ᠱᠠᠭᠠᠷᠳᠠᠭᠰᠠᠨ ᠨᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠡᠯ᠎ᠡ ᠲᠤᠰᠬᠠᠶ ᠠᠵᠢᠯ ᠤᠨ ᠳᠤᠭᠤᠶᠢᠯᠠᠩ ᠡᠯ᠎ᠡ ᠭᠤᠭᠴᠤᠭ᠎ᠠ ᠶᠢᠨ ᠠᠵᠢᠯ ᠤᠨ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠢᠯ ᠤᠨ ᠶᠠᠪᠤᠴᠠ ᠳᠠᠬᠢ ᠪᠣᠳᠠᠲᠠᠶ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ︔ ᠦᠨᠳᠦᠰᠦᠨ ᠱᠠᠲᠤᠨ ᠤ ᠦᠢᠯᠡᠳᠦᠯᠭᠡ ᠶᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ︔ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠠᠵᠢᠯ ᠤᠨ ᠶᠠᠪᠤᠴᠠ ᠪᠠ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠡᠯ᠎ᠡ ᠲᠥᠷᠥᠯ ᠤᠨ ᠰᠠᠭᠤᠭᠠᠯᠢ ᠠᠷᠠᠳ ᠤᠨ ᠰᠠᠭᠤᠷᠢ ᠲᠤᠭ᠎ᠠ ᠶᠢ ᠨᠠᠷᠢᠯᠢᠬᠵᠢᠭᠤᠯᠬᠤ ᠬᠡᠷᠡᠭᠲᠡᠶ︔ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠪᠣᠯᠤᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠳᠣᠷᠣᠭᠰᠢ ᠰᠠᠭᠤᠭᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠷ ᠪᠠᠶᠠᠯᠢᠭ ᠭᠠᠵᠠᠷ ᠣᠷᠣᠨ ᠳᠤ ᠣᠴᠢᠭᠤᠯᠤᠨ ᠰᠣᠯᠢᠯᠴᠠᠭᠤᠯᠤᠨ ᠰᠤᠷᠤᠯᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠢ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢᠨ ᠳᠤᠮᠳᠠ ᠪᠣᠳᠠᠲᠤ ᠳᠠᠶᠢᠨ ᠤ ᠤᠬᠠᠮᠰᠠᠷ ᠢᠶᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠯᠲᠡ ᠶᠢ ᠠᠰᠢᠭᠯᠠᠨ ᠠᠮᠢᠳᠤᠷᠠᠯ ᠤᠨ ᠡᠳ᠋ ᠪᠣᠳᠠᠰ ᠢ ᠪᠠᠲᠤᠯᠠᠬᠤ ᠠᠷᠭ᠎ᠠ ᠵᠠᠮ ᠢ ᠲᠦᠷᠭᠡᠨ ᠪᠠᠶᠢᠭᠤᠯᠵᠤ᠂ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠠᠵᠢᠯ ᠤᠨ ᠲᠥᠰᠦᠯ ᠪᠣᠯᠤᠨ ︽ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠳᠠᠶᠢᠨ ᠤ ᠭᠠᠷ ᠳᠡᠪᠲᠡᠷ︾᠎ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ ᠭᠡᠵᠤ ᠱᠠᠭᠠᠷᠳᠠᠪᠠ᠃  
20220818100128974003.jpg 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号