ᠬᠠᠶᠢᠷᠤᠪ ᠤᠨ ᠲᠤᠬᠤᠢ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠪᠴᠢᠶ᠎ᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠠᠤᠯᠢ  ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ  ᠦᠷᠨᠢᠭᠦᠯᠪᠡ
ᠨᠡᠶᠢᠲᠡᠯᠡᠭᠰᠡᠨ ᠴᠠᠭ᠄
2022/8/19
      ᠠᠵᠢᠯᠴᠢᠨ ᠬᠡᠷᠡᠭᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠤᠶᠢᠯᠡᠳᠤᠯ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠬᠠᠶᠢᠷᠤᠪ ᠤᠨ ᠲᠤᠬᠤᠢ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠠᠴᠠ 10 ᠠᠵᠤ ᠠᠬᠤᠶᠢᠯᠠᠯ ᠢ ᠰᠣᠩᠭᠤᠨ ᠠᠪᠴᠤ᠂ 15 ᠬᠠᠤᠯᠢ ᠬᠡᠷᠡᠭᠵᠢᠭᠦᠯᠬᠦ ᠠᠵᠢᠯᠲᠠᠨ ᠲᠠᠢ ᠲᠣᠬᠢᠶᠠᠯᠳᠤᠯ ᠢᠶᠠᠷ ᠳᠣᠭᠢᠷᠠᠭᠤᠯᠤᠨ᠂ 2022 ᠣᠨ ᠤ 8 ᠰᠠᠷ᠎ᠠ ᠶᠢᠨ 10᠎ ᠤ ᠡᠳᠦᠷ ᠠᠴᠠ 20᠎ ᠤ ᠡᠳᠦᠷ ᠪᠣᠯᠲᠠᠯ᠎ᠠ 10 ᠡᠳᠦᠷ ᠤᠨ ᠬᠤᠭᠤᠴᠠᠭ᠎ᠠ ᠲᠠᠢ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃ ᠨᠢᠭᠡ ᠳᠤ ᠬᠥᠮᠦᠨ ᠬᠡᠷᠡᠭᠯᠡᠬᠦ ᠨᠢᠭᠡᠴᠢ ᠶᠢᠨ ᠠᠵᠢᠯᠴᠢᠨ ᠡᠯᠰᠡᠬᠦ᠂ ᠬᠥᠳᠡᠯᠮᠦᠷᠢ ᠶᠢᠨ ᠭᠡᠷ᠎ᠡ ᠲᠣᠭᠲᠠᠭᠠᠬᠤ᠂ ᠲᠦᠷᠢᠮ ᠲᠣᠭᠲᠠᠭᠠᠯ ᠲᠣᠭᠲᠠᠭᠠᠬᠤ᠂ ᠴᠠᠯᠢᠩ ᠥᠭᠬᠦ ᠵᠡᠷᠭᠡ ᠲᠠᠯ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠨ᠎ᠠ︔ ᠬᠤᠶᠠᠷ ᠲᠤ ᠠᠵᠢᠯ ᠣᠯᠭᠤᠯᠲᠠ ᠶᠢᠨ ᠭᠠᠳᠠᠭᠤᠷᠴᠢᠯᠠᠯ᠂ ᠬᠤᠳᠠᠯ ᠬᠠᠭᠤᠷᠮᠠᠭ ᠢᠶᠠᠷ ᠤᠷᠢᠬᠤ᠂ ᠬᠠᠷ᠎ᠠ ᠵᠠᠭᠤᠴᠢ᠂ ᠡᠯ᠎ᠡ ᠲᠥᠷᠥᠯ ᠤᠨ ᠬᠥᠳᠡᠯᠮᠦᠷᠢ ᠤᠶᠢᠯᠡᠴᠢᠯᠡᠭᠡ ᠲᠣᠮᠢᠯᠠᠬᠤ ᠪᠠ ᠬᠥᠳᠡᠯᠮᠦᠷᠢ ᠤᠶᠢᠯᠡᠴᠢᠯᠡᠭᠡᠨ ᠤ ᠵᠠᠭᠤᠴᠢ᠂ ᠡᠷᠦᠶ ᠬᠤᠷᠤᠶ ᠥᠬᠡᠶ ᠦᠵᠡᠭᠳᠡᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠲᠤ ᠲᠤᠰᠬᠠᠶ ᠵᠠᠰᠠᠯᠲᠠ ᠬᠢᠨ᠎ᠠ᠃ ᠣᠳᠣᠬᠠᠨ ᠳᠤ ᠬᠥᠮᠦᠨ ᠬᠡᠷᠡᠭᠯᠡᠬᠦ ᠨᠢᠭᠡᠴᠡ ᠶᠢ 3 ᠪᠠᠶᠢᠴᠠᠭᠠᠵᠤ ᠪᠠᠶᠢᠨ᠎ᠠ᠂ ᠡᠭᠦᠨ ᠤ ᠳᠣᠲᠣᠷᠠᠬᠢ 1 ᠨᠢᠭᠡᠴᠡ ᠨᠢ ᠣᠳᠣ ᠶᠠᠭ ᠬᠦᠴᠦᠨ ᠦᠭᠡᠶ ᠪᠣᠯᠭᠠᠬᠤ ᠭᠠᠷ ᠭᠦᠢᠴᠡᠳᠬᠡᠯ ᠬᠢᠵᠦ ᠪᠠᠶᠢᠨ᠎ᠠ᠃     ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠪᠠᠷ ᠳᠡᠮᠵᠢᠨ᠂ ᠬᠤᠶᠠᠷ ᠰᠠᠯᠠᠭ᠎ᠠ ᠮᠥᠴᠢᠷ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠢᠳᠡᠪᠬᠢᠲᠡᠶ ᠪᠠᠷ ᠨᠡᠪᠲᠡᠷᠡᠯᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ  ᠤᠶᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ᠂ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠵᠤ᠂ ᠲᠠᠰᠢᠷᠠᠮ ᠤᠨ ᠪᠣᠯᠭᠠᠵᠤ᠂ ︽ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ︾᠂ ︽ᠳᠤᠷ᠎ᠠ ᠵᠣᠷᠢᠭ ᠢᠶᠠᠷ ᠢᠶᠠᠨ ᠬᠠᠤᠯᠢ ᠬᠡᠷᠡᠭᠵᠢᠭᠦᠯᠬᠦ︾᠎ ᠶᠢ ᠪᠦᠲᠦᠮᠵᠢᠲᠡᠶ ᠬᠤᠷᠢᠭᠯᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号