ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠢ ᠬᠡᠷᠡᠭᠯᠡᠬᠦ ᠬᠦᠷᠢᠶ᠎ᠡ ᠶᠢ ᠥᠷᠭᠡᠳᠬᠡᠵᠦ ᠴᠡᠷᠢᠭ ᠠᠴᠠ ᠬᠠᠯᠠᠭᠳᠠᠭᠰᠠᠳ ᠲᠤ ︽ᠬᠡᠷ  ᠪᠦᠯᠢ︾᠎ ᠎ ᠶᠢᠨ ᠬᠠᠶᠢᠷ᠎ᠠ ᠬᠠᠯᠠᠮᠵᠢ ᠬᠦᠷᠲᠡᠭᠡᠨ᠎ᠡ
ᠨᠡᠶᠢᠲᠡᠯᠡᠭᠰᠡᠨ ᠴᠠᠭ᠄
2022/8/19
      ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠮᠠᠨ ᠤ ᠲᠤᠭᠤᠷᠢᠭ ᠤᠨ ᠬᠡᠪᠴᠢᠶᠡᠨ ᠳᠤ ᠴᠡᠷᠢᠭ ᠤᠨ ᠠᠯᠪᠠᠨ ᠠᠴᠠ ᠪᠠᠭᠤᠭᠰᠠᠳ ᠲᠤ ᠬᠠᠷᠠᠭᠠᠯᠵᠠᠯ ᠦᠵᠡᠭᠦᠯᠬᠦ ᠦᠢᠯᠡᠴᠢᠯᠡᠭᠡᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ  ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠪᠠ᠃ ᠣᠶᠢᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠢᠨ ᠲᠣᠭᠤᠷᠢᠭ ᠤᠨ ᠰᠣᠶᠣᠯ ᠤᠨ ᠪᠠᠷᠢᠭᠠᠳᠠ᠂ ᠲᠣᠭᠤᠷᠢᠭ ᠤᠨ ᠣᠷᠣᠨ ᠰᠠᠭᠤᠴᠠ ᠶᠢᠨ ᠬᠠᠮᠢᠶᠠᠷᠤᠯᠲᠠ᠂ ᠠᠵᠤ ᠠᠬᠤᠶᠢᠯᠠᠯ ᠵᠡᠷᠭᠡ ᠰᠠᠯᠠᠭ᠎ᠠ ᠮᠥᠴᠢᠷ ᠪᠣᠯᠤᠨ ᠠᠵᠢᠯ ᠲᠥᠷᠥᠯ ᠲᠠᠢ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ ᠨᠢᠭᠡ ᠪᠦᠯᠦᠭ ᠭᠡᠷᠡᠴᠢ ᠪᠠᠷᠢᠮᠲᠠ ᠪᠠᠷ ᠬᠠᠷᠠᠭᠠᠯᠵᠠᠯ ᠬᠦᠷᠲᠡᠭᠡᠬᠦ ᠲᠥᠷᠥᠯ ᠵᠤᠶᠢᠯ ᠢ ᠭᠠᠷᠭᠠᠬᠤ ᠶᠢᠨ ᠬᠠᠮᠲᠤ᠂ ᠮᠠᠨ ᠤ ᠲᠤᠭᠤᠷᠢᠭ ᠤᠨ ᠠᠵᠤ ᠠᠬᠤᠶᠢᠯᠠᠯ᠂ ᠬᠤᠪᠢ ᠶᠢᠨ ᠠᠵᠤ  ᠤᠶᠢᠯᠡᠤᠡᠪᠤᠷᠢ ᠬᠤᠳᠠᠯᠳᠤᠭᠠᠨ ᠤ ᠡᠷᠦᠬᠡ ᠯᠦᠭᠡ ᠬᠠᠷᠠᠭᠠᠯᠵᠠᠯ ᠤᠨ ᠦᠨᠡᠮᠯᠡᠯ ᠢ ᠲᠣᠰ ᠭᠠᠵᠠᠷ ᠣᠷᠣᠨ ᠤ ᠡᠯ᠎ᠡ ᠠᠵᠢᠯ ᠲᠥᠷᠥᠯ ᠤᠨ ᠬᠦᠷᠢᠶᠡᠨ ᠳᠤ ᠬᠡᠷᠡᠭᠯᠡᠬᠦ ᠶᠢ ᠳᠡᠯᠭᠡᠷᠡᠭᠦᠯᠵᠦ᠂ ᠬᠠᠷᠠᠭᠠᠯᠵᠠᠯ ᠤᠨ ᠦᠨᠡᠮᠯᠡᠯ ᠢ ᠬᠡᠷᠡᠭᠯᠡᠬᠦ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠬᠠᠷᠠᠭᠠᠯᠵᠠᠯ ᠤᠨ ᠦᠨᠡᠮᠯᠡᠯ ᠢ ᠬᠡᠷᠡᠭᠯᠡᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠣᠲᠣ ᠪᠣᠯᠲᠠᠯ᠎ᠠ ᠬᠠᠶᠢᠷᠤᠪ ‍ᠤᠨ‌‍ᠲ᠋ᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢᠭᠡᠨᠲᠡ20 ᠭᠠᠷᠤᠶ ᠬᠤᠳᠠᠯᠳᠤᠭᠠᠴᠢᠨ ᠲᠠᠢ ᠠᠩᠬ᠎ᠠ ᠠᠯᠬᠤᠮ ᠤᠨ ᠬᠠᠷᠠᠭᠠᠯᠵᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠨ᠎ᠠ᠃     ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠬᠡᠷᠡᠭᠯᠡᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠥᠷᠭᠡᠨ ᠤᠯᠠᠨ ᠴᠡᠷᠢᠭ ᠤᠨ ᠠᠯᠪᠠᠨ ᠠᠴᠠ ᠪᠠᠭᠤᠭᠰᠠᠳ ᠲᠤ ᠬᠠᠷᠠᠭᠠᠯᠵᠠᠯ ᠦᠵᠡᠭᠦᠯᠬᠦ ᠦᠢᠯᠡᠴᠢᠯᠡᠭᠡ ᠶᠢ ᠬᠦᠷᠲᠡᠭᠡᠵᠦ᠂ ᠳᠠᠷᠠᠭᠠᠴᠢ ᠶᠢᠨ ᠠᠯᠬᠤᠮ ᠳᠤ ᠬᠠᠶᠢᠷᠤᠪ ᠤᠨ ᠳᠤᠬᠤᠢ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠠᠴᠠ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠲᠠᠢ ᠬᠠᠷᠠᠭᠠᠯᠵᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠵᠢᠩᠬᠢᠨᠢ ᠪᠠᠷ ᠭᠠᠷ ᠤᠨ ᠦᠰᠦᠭ ᠵᠢᠷᠤᠬᠤ ᠶᠢᠨ ᠬᠠᠮᠲᠤ ᠬᠠᠯᠠᠭᠤᠨ ᠳᠣᠲᠣᠨᠣ ᠰᠠᠨᠠᠭᠤᠯᠤᠮᠵᠢ ᠶᠢᠨ ᠤᠷᠢᠶ᠎ᠠ ᠯᠣᠽᠦ᠋ᠩ ᠵᠣᠬᠢᠶᠠᠵᠤ᠂ ᠬᠠᠮᠲᠤᠷᠠᠯᠴᠠᠭᠠᠨ ᠤ ᠬᠤᠳᠠᠯᠳᠤᠭᠠᠴᠢᠨ ᠯᠤᠭ᠎ᠠ ᠬᠤᠯᠪᠣᠭᠳᠠᠯ ᠪᠦᠬᠦᠢ ᠬᠠᠷᠠᠭᠠᠯᠵᠠᠯ ᠤᠨ  ᠲᠦᠷᠦ ᠶᠢᠨ ᠪᠤᠳᠤᠯᠭ᠎ᠠ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠬᠠᠷᠠᠭᠠᠯᠵᠠᠯ ᠤᠨ ᠦᠨᠡᠮᠯᠡᠯ ᠭᠠᠷᠳᠠᠭᠰᠠᠳ ᠤᠨ ᠬᠦᠷᠲᠡᠮᠵᠢ ᠶᠢᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ ᠢ ᠳᠡᠭᠡᠭᠰᠢᠯᠡᠭᠦᠯᠦᠨ᠎ᠡ᠃ ᠨᠡᠶᠢᠭᠡᠮᠴᠢᠯᠡᠨ ᠴᠡᠷᠢᠭ ᠢᠶᠠᠨ ᠬᠦᠷᠢᠶᠡᠯᠡᠬᠦ ᠪᠠᠷ ᠳᠠᠮᠵᠢᠭᠤᠯᠤᠨ᠂ ᠨᠡᠶᠢᠭᠡᠮᠴᠢᠯᠡᠨ ᠥᠷᠭᠡᠨ ᠢᠶᠠᠷ ᠣᠷᠣᠯᠴᠠᠬᠤ ᠶᠢ ᠲᠡᠳᠡᠨ ᠠᠪᠴᠢᠷᠠᠵᠤ᠂ ᠴᠡᠷᠢᠭ ᠢᠶᠠᠨ ᠬᠦᠷᠢᠶᠡᠯᠡᠬᠦ ᠠᠭᠤᠷ ᠠᠮᠢᠰᠬᠤᠯ ᠢ ᠪᠣᠶ ᠪᠣᠯᠭᠠᠬᠤ ᠪᠥᠭᠡᠳ ᠪᠥᠬᠦ ᠨᠡᠶᠢᠭᠡᠮ ᠳᠤ ᠴᠡᠷᠢᠭ ᠢᠶᠠᠨ ᠬᠦᠷᠢᠶᠡᠯᠡᠨ ᠠᠰᠠᠷᠠᠨ ᠬᠠᠷᠠᠭᠠᠯᠵᠠᠬᠤ ᠰᠠᠶᠢᠨ ᠰᠠᠶᠢᠬᠠᠨ ᠵᠢᠱᠢᠶ᠎ᠡ ᠦᠵᠡᠭᠦᠯᠬᠦ ᠤᠶᠢᠯᠡᠳᠤᠯ ᠢ ᠪᠣᠶ ᠪᠣᠯᠭᠠᠵᠤ᠂ ᠴᠡᠷᠢᠭ ᠠᠴᠠ ᠬᠠᠯᠠᠭᠳᠠᠭᠰᠠᠨ ᠴᠡᠷᠢᠭ ᠤᠨ ᠬᠥᠮᠦᠰ ᠲᠤ ︽ᠬᠡᠷ ᠪᠦᠯᠢ︾᠎ ᠶᠢᠨ ᠬᠠᠶᠢᠷ᠎ᠠ ᠬᠠᠯᠠᠮᠵᠢ ᠶᠢ ᠣᠯᠭᠤᠬᠤ ᠪᠣᠯᠤᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号