ᠰᠤᠷᠭᠠᠭᠤᠯᠢ ᠶᠢᠨ ᠬᠦᠷᠢᠶ᠎ᠡ ᠵᠤᠨ ᠤ ᠠᠮᠠᠷᠠᠯᠲᠠ ᠶᠢᠨ ᠨᠠᠶᠢᠳᠠᠨ ᠬᠠᠮᠢᠶᠠᠷᠤᠭᠤᠯᠬᠤ ᠠᠩᠭᠢ ᠪᠣᠯᠪᠠ
ᠨᠡᠶᠢᠲᠡᠯᠡᠭᠰᠡᠨ ᠴᠠᠭ᠄
2022/8/22
      ᠵᠤᠨ ᠤ ᠠᠮᠠᠷᠠᠯᠲᠠ ᠶᠢᠨ ᠬᠤᠭᠤᠴᠠᠭᠠᠨ ᠳᠤ᠂  ᠬᠠᠶᠢᠷᠤᠪ ᠤᠨ ᠲᠤᠬᠤᠢ ᠲᠣᠭᠤᠷᠢᠭ ᠤᠨ  ᠴᠡᠭᠡᠯ ᠠᠭᠤᠯᠠ ᠪᠠᠯᠭᠠᠰᠤᠨ ᠤ ᠰᠤᠷᠭᠠᠭᠤᠯᠢ ᠶᠢᠨ ᠬᠦᠷᠢᠶᠡᠨ ᠳᠤ ᠮᠠᠰᠢ ᠬᠦᠷ ᠬᠥᠭᠵᠢᠶᠡᠨ ᠲᠠᠢ ᠪᠠᠶᠢᠵᠤ᠂ ᠰᠤᠷᠤᠭᠴᠢᠳ ᠤᠨ ᠵᠠᠷᠢᠮ ᠨᠢ ᠨᠣᠮ ᠤᠨ ᠰᠠᠩ ᠳᠤ ᠨᠣᠮ ᠦᠵᠡᠵᠦ᠂ ᠵᠠᠷᠢᠮ ᠨᠢ ᠪᠠᠭᠰᠢ ᠶᠢᠨ ᠢᠶᠠᠨ ᠵᠢᠯᠤᠭᠤᠳᠤᠯᠭ᠎ᠠ ᠪᠠᠷ ᠬᠦᠯ ᠪᠥᠮᠪᠦᠭᠡ ᠢᠰᠬᠦᠯᠵᠦ᠂ ᠵᠠᠷᠢᠮ ᠨᠢ ᠫᠢᠩᠫᠠᠩ ᠪᠥᠮᠪᠦᠭᠡ᠂ ᠳᠡᠭᠡᠰᠦ ᠦᠰᠦᠷᠬᠦ᠂ ᠲᠡᠪᠡᠭ  ᠢᠰᠭᠦᠯᠵᠤ᠂ ᠪᠠᠶᠠᠷ ᠬᠦᠷ ᠢᠶᠠᠷ ᠪᠢᠯᠬᠠᠨ᠎ᠠ᠃     ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠭᠡᠷ ᠤᠨ ᠠᠬᠠᠮᠠᠳ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠰᠤᠷᠤᠭᠴᠢᠳ ᠢ ᠵᠢᠯᠣᠭᠤᠳᠤᠨ ᠬᠠᠪᠰᠤᠷᠴᠤ ᠪᠠᠶᠢᠭᠠᠳ ᠠᠮᠤᠷ ᠲᠦᠪᠰᠢᠨ᠂ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠵᠤᠨ ᠤ ᠠᠮᠠᠷᠠᠯᠲᠠ ᠶᠢ ᠥᠩᠭᠡᠷᠡᠭᠦᠯᠵᠦ᠂ ᠰᠤᠷᠤᠭᠴᠢᠳ ᠤᠨ ᠪᠦᠬᠦ ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠰᠤᠷᠭᠠᠭᠤᠯᠢ ᠨᠢ ᠰᠤᠷᠤᠭᠴᠢ ᠪᠣᠯᠤᠨ ᠭᠡᠷ ᠤᠨ ᠠᠬᠠᠮᠠᠳ ᠤᠨ ᠰᠠᠶᠢᠨ ᠳᠤᠷ᠎ᠠ ᠶᠢᠨ ᠵᠠᠷᠴᠢᠮ ᠶᠣᠰᠣᠭᠠᠷ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠲᠥᠰᠦᠯ ᠢ ᠲᠣᠭᠲᠠᠭᠠᠵᠤ᠂ ᠰᠤᠷᠭᠠᠭᠤᠯᠢ ᠶᠢᠨ ᠨᠠᠮ ᠤᠨ ᠭᠡᠰᠢᠭᠦᠨ᠂ ᠪᠠᠭᠰᠢ ᠨᠠᠷ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠤᠶᠢᠯᠡᠴᠢᠯᠡᠭᠡ ᠳᠤ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠣᠷᠣᠯᠴᠠᠵᠤ᠂ ᠴᠢᠳᠠᠮᠵᠢᠳᠤ ᠬᠢᠴᠢᠶᠡᠯ ᠤᠨ ᠬᠡᠷ᠂ ᠨᠣᠮ ᠤᠨ ᠰᠠᠩ᠂ ᠲᠠᠮᠢᠷ ᠤᠨ ᠲᠠᠯᠠᠪᠤᠷ ᠣᠷᠳᠣᠨ ᠵᠡᠷᠭᠡ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠥᠬᠦᠭᠡᠷᠦᠮᠵᠢ ᠶᠢ ᠨᠡᠭᠡᠭᠡᠵᠦ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠵᠠᠷᠢᠮ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ᠂ ᠤᠩᠰᠢᠯᠭ᠎ᠠ ᠶᠢᠨ ᠵᠢᠯᠣᠭᠤᠳᠣᠯᠭ᠎ᠠ᠂ ᠶᠡᠷᠦᠩᠬᠡᠶᠢᠯᠡᠭᠰᠡᠨ  ᠤᠶᠢᠯᠡᠳᠤᠯᠭᠡ᠂ ᠳᠤᠷ᠎ᠠ ᠰᠣᠨᠢᠷᠬᠠᠯ ᠢ ᠥᠷᠭᠡᠳᠬᠡᠬᠦ ᠵᠡᠷᠭᠡ  ᠤᠶᠢᠯᠡᠴᠢᠯᠡᠭᠡ ᠶᠢ ᠵᠣᠬᠢᠶᠠᠨ ᠪᠠᠶᠢᠭᠤᠯᠵᠤ ᠬᠠᠩᠭᠠᠨ᠎ᠠ᠃     ᠰᠤᠷᠭᠠᠭᠤᠯᠢ ᠶᠢᠨ ᠨᠣᠮ ᠤᠨ ᠰᠠᠩ ᠳᠤ ᠣᠷᠣᠬᠤ ᠳᠤ᠂ ᠨᠢᠳᠦ ᠳᠦᠭᠦᠷᠡᠩ ᠭᠤᠶᠣ ᠰᠠᠶᠢᠬᠠᠨ ᠨᠣᠮ ᠪᠢᠴᠢᠭ ᠤᠳ ᠨᠢ ᠬᠥᠮᠦᠰ ᠤᠨ ᠠᠩᠬᠠᠷᠤᠯ ᠢ ᠲᠠᠲᠠᠨ᠎ᠠ᠃ ᠠᠷᠪᠠᠨ ᠬᠡᠳᠦᠨ ᠰᠤᠷᠤᠭᠴᠢ ᠪᠢᠴᠢᠭ ᠤᠨ ᠰᠢᠷᠡᠭᠡᠨ ᠤ ᠬᠠᠵᠠᠭᠤ ᠳᠤ ᠰᠠᠭᠤᠭᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠣᠮ ᠤᠩᠰᠢᠵᠤ  ᠪᠠᠶᠢᠬᠤ ᠶᠢ ᠣᠯᠵᠤ ᠬᠠᠷᠠᠪᠠ᠃ ᠡᠭᠦᠨ ᠠᠴᠠ ᠭᠠᠳᠠᠨ᠎ᠠ᠂ ᠰᠤᠷᠭᠠᠭᠤᠯᠢ ᠶᠢᠨ ᠲᠣᠭᠲᠠᠮᠠᠯ ᠵᠢᠵᠢᠭᠦᠷ ᠤᠨ ᠪᠠᠭᠰᠢ ᠪᠠᠰᠠ ᠰᠤᠷᠤᠭᠴᠢᠳ ᠤᠨ ᠳᠠᠰᠬᠠᠯ ᠢ ᠬᠠᠪᠰᠤᠷᠤᠨ ᠵᠢᠯᠣᠭᠤᠳᠴᠤ᠂ ᠬᠢᠴᠢᠶᠡᠯ ᠤᠨ ᠭᠠᠳᠠᠭᠤᠷᠬᠢ ᠤᠩᠰᠢᠯᠭ᠎ᠠ ᠶᠢ ᠵᠢᠯᠣᠭᠤᠳᠴᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠳᠡᠭ ᠁     ᠣᠶᠢᠯᠠᠭᠠᠭᠰᠠᠨ ᠢᠶᠠᠷ᠂ 7 ᠰᠠᠷ᠎ᠠ ᠶᠢᠨ 16᠎ ᠤ ᠡᠳᠦᠷ ᠠᠴᠠ ᠡᠬᠢᠯᠡᠨ᠂ ᠡᠳᠦᠷ ᠪᠦᠷᠢ ᠪᠠᠷᠤᠭ 30 ᠭᠠᠷᠤᠶ ᠰᠣᠷᠣᠭᠴᠢ ᠰᠤᠷᠭᠠᠭᠤᠯᠢ ᠳᠤ ᠣᠷᠣᠵᠤ ᠡᠯ᠎ᠡ ᠵᠤᠶᠢᠯ ᠤᠨ ᠰᠣᠶᠣᠯ ᠲᠠᠮᠢᠷ ᠤᠨ ᠬᠥᠳᠡᠯᠭᠡᠭᠡᠨ ᠳᠤ ᠣᠷᠣᠯᠴᠠᠵᠤ᠂ ᠰᠤᠷᠭᠠᠭᠤᠯᠢ ᠨᠢ ᠨᠠᠶᠢᠳᠠᠨ ᠬᠠᠮᠢᠶᠠᠷᠤᠭᠤᠯᠬᠤ ᠤᠶᠢᠯᠡᠴᠢᠯᠡᠭᠡᠨ ᠤ ᠠᠭᠤᠯᠭ᠎ᠠ ᠶᠢᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠰᠡᠳᠬᠢᠯ ᠲᠠᠯᠪᠢᠨ ᠰᠠᠬᠢᠨ ᠪᠠᠷᠠᠯᠠᠵᠤ᠂ ᠬᠠᠶᠢᠷ᠎ᠠ ᠬᠠᠯᠠᠮᠵᠢ ᠪᠠᠷ ᠰᠤᠷᠤᠭᠴᠢᠳ ᠤᠨ ᠡᠯᠪᠡᠭ ᠪᠠᠶᠠᠯᠢᠭ᠂ ᠪᠠᠶᠠᠷ ᠬᠥᠷ ᠲᠠᠢ ᠪᠥᠭᠡᠳ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠵᠤ ᠂ ᠬᠡᠷ ᠤᠨ ᠠᠬᠠᠮᠠᠳ ᠤᠨ ᠵᠣᠪᠠᠨᠢᠯ ᠢ ᠦᠨᠡᠨ ᠬᠦ ᠰᠢᠢᠤᠡᠪᠤᠷᠢᠯᠡᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠂ ᠰᠤᠷᠭᠠᠨ ᠬᠥᠮᠦᠵᠢᠯ ᠢ ᠰᠤᠷᠤᠭᠴᠢᠳ ᠤᠨ ᠬᠠᠮᠤᠭ ᠤᠨ ᠬᠠᠯᠠᠭᠤᠨ ᠳᠣᠲᠣᠨᠣ ᠬᠠᠨᠢ ᠪᠣᠯᠭᠠᠬᠤ ᠪᠣᠯᠤᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号