ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/8/22
      ︽ᠬᠤᠶᠠᠷ ᠢ ᠬᠦᠩᠬᠡᠷᠡᠭᠦᠯᠬᠦ︾ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠲᠥᠯᠥᠭᠡ᠂ ᠰᠣᠶᠣᠯ ᠤᠷᠠᠯᠢᠭ ᠤᠨ ᠲᠥᠷᠥᠯ᠂ ᠪᠡᠶ᠎ᠡ ᠲᠠᠮᠢᠷ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠢ ᠬᠥᠮᠦᠨ ᠎ ᠢᠶᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠲᠣᠳᠣᠷᠬᠠᠶᠢᠯᠠᠵᠤ᠂ ︽ᠴᠢᠩᠭ᠎ᠠ ᠬᠢᠨᠠᠨ ᠬᠠᠷᠭᠤᠭᠤᠯᠵᠤ᠂ ᠵᠢᠷᠤᠮᠵᠢᠯ ᠲᠠᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠪᠦᠬᠦ ᠲᠤᠭᠤᠷᠢᠭ ᠤᠨ ᠨᠢᠭᠡᠨᠲᠡ ᠪᠠᠶᠢᠭᠤᠯᠤᠭᠰᠠᠨ ᠰᠣᠶᠣᠯ ᠤᠷᠠᠯᠢᠭ ᠤᠨ ᠲᠦᠷᠦᠯ᠂ ᠪᠡᠶ᠎ᠡ ᠶᠢᠨ ᠲᠠᠮᠢᠷ ᠤᠨ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠥᠮᠦᠵᠢᠯ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠪᠣᠯᠤᠨ‌ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠳᠡᠭᠡᠷᠡᠬᠢ ᠡᠯ᠎ᠡ ᠵᠦᠢᠯ ᠤᠨ ᠬᠢᠨᠠᠨ ᠬᠠᠷᠭᠤᠭᠤᠯᠵᠤ ᠳᠠᠩᠰᠠᠯᠠᠬᠤ ᠠᠵᠢᠯ ᠢ ᠪᠡᠶᠡᠯᠡᠭᠦᠯᠪᠡ᠃     ᠡᠯ᠎ᠡ ᠵᠦᠢᠯ ᠤᠨ ᠬᠢᠨᠠᠨ ᠬᠠᠷᠭᠤᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠬᠢᠨᠠᠨ ᠬᠠᠷᠭᠤᠭᠤᠯᠬᠤ ᠪᠠᠷᠢᠮᠵᠢᠶ᠎ᠠ ᠪᠣᠯᠤᠨ ᠶᠠᠪᠤᠴᠠ ᠶᠢ ᠲᠣᠳᠣᠷᠬᠠᠶᠢᠯᠠᠵᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠬᠠᠮᠢᠶᠠᠷᠤᠯᠲᠠ ᠶᠢᠨ ᠪᠦᠬᠦ ᠶᠠᠪᠤᠴᠠ ᠶᠢ ᠵᠢᠷᠤᠮᠵᠢᠭᠤᠯᠵᠤ᠂ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠢ ᠠᠰᠢᠭᠯᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠬᠦᠳᠦᠯᠦᠨ ᠵᠢᠯᠣᠭᠤᠳᠤᠨ᠎ᠠ᠃ ᠡᠭᠦᠨ ᠤ ᠵᠡᠷᠭᠡ ᠳᠤ᠂ ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠬᠤ ᠶᠠᠪᠤᠴᠠ ᠳᠤ ᠨᠡᠯᠢᠶᠡᠳ ᠣᠯᠠᠨ ᠮᠠᠳᠠᠭ ᠲᠠᠢ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠠᠬᠢᠭᠤᠯᠬᠤ ᠬᠤᠷᠠᠯ ᠬᠤᠷᠠᠯᠳᠤᠭᠤᠯᠵᠤ᠂ ᠲᠠᠪᠴᠠᠩ ᠤᠨ ᠠᠵᠢᠯᠯᠠᠭᠠᠨ ᠤ ᠶᠠᠪᠤᠴᠠ ᠶᠢ ᠪᠣᠯᠪᠠᠰᠤᠷᠠᠩᠭᠤᠶ ᠪᠤᠰᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠨᠢᠭᠡ ᠨᠢᠭᠡ ᠪᠠᠷ ᠴᠠᠬᠢᠯᠭᠠᠨ ᠮᠡᠳᠡᠭᠡ ᠶᠠᠪᠤᠭᠤᠯᠵᠤ ᠵᠢᠯᠣᠭᠤᠳᠤᠭᠠᠳ ᠠᠰᠠᠭᠤᠳᠠᠯ ᠢ ᠨᠢ ᠰᠢᠢᠤᠡᠪᠤᠷᠢᠯᠡᠬᠦ ᠬᠦᠷᠲᠡᠯ᠎ᠡ ᠵᠢᠯᠣᠭᠤᠳᠪᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠳᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠰᠢᠨᠵᠢᠯᠡᠭᠡᠨ ᠤ ᠰᠠᠯᠠᠭ᠎ᠠ ᠶᠢᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠪᠣᠯᠤᠨ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠨᠠᠭᠰᠢᠳᠠ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠬᠦ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠶᠢ ᠭᠦᠢᠴᠡᠳ ᠠᠰᠢᠭᠯᠠᠨ ᠰᠣᠶᠣᠯ ᠤᠷᠠᠯᠢᠭ᠂ ᠪᠡᠶ᠎ᠡ ᠶᠢᠨ ᠲᠠᠮᠢᠷ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠬᠤ ᠶᠠᠪᠤᠴᠠ᠂ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ ᠵᠡᠷᠭᠡ ᠮᠡᠳᠡᠭᠡ ᠵᠠᠩᠭᠢ ᠶᠢ ᠥᠷᠭᠡᠨ ᠢᠶᠠᠷ ᠤᠬᠠᠭᠤᠯᠵᠤ᠂ ᠡᠭᠦᠨ ᠤ ᠬᠠᠮᠲᠤ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢᠨ ᠳ᠋ᠢᠶᠠᠩᠬᠤᠸᠠ ᠬᠠᠩᠭᠠᠵᠤ᠂ ᠪᠠᠶᠢᠴᠠᠭᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠴᠤᠪᠤᠷᠠᠯ ᠢ ᠵᠢᠷᠤᠮᠵᠢᠭᠤᠯᠵᠤ᠂ ᠰᠣᠶᠣᠯ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠡᠷᠡᠭᠦᠯ ᠢᠶᠠᠷ ᠬᠥᠭᠵᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号