ᠬᠠᠶᠢᠷᠤᠪ ᠤᠨ ᠲᠤᠬᠤᠢ ᠲᠤᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾᠎ ᠨᠢ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠦᠷ᠎ᠡ ᠬᠡᠤᠬᠡᠳ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/8/22
      ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠬᠤ ᠶᠢᠨ ᠲᠤᠰᠠᠳᠠ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢ ᠬᠠᠶᠢᠷᠤᠪ ᠤᠨ ᠲᠤᠬᠤᠢ ᠲᠤᠭᠤᠷᠢᠭ ᠤᠨ ᠳᠠᠭᠠᠳᠬᠠᠯ ᠤᠨ ᠪᠠᠲᠤᠯᠠᠭ᠎ᠠ ᠶᠢᠨ ᠬᠠᠮᠤᠷᠬᠤ ᠬᠠᠮᠤᠭ ᠤᠨ ᠪᠥᠬᠦ ᠲᠠᠯ᠎ᠠ ᠶᠢᠨ ᠬᠠᠮᠲᠤᠯᠢᠭ ᠪᠣᠯᠭᠠᠨ᠎ᠠ᠃ 8 ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠤᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠠᠴᠠ ᠨᠢᠭᠡ ᠪᠠᠯᠭᠠᠰᠤ᠂ ᠵᠢᠭᠤᠭᠠᠨ ᠠᠯᠪᠠᠨ ᠬᠡᠷ ᠤᠨ ᠲᠥᠯᠥᠪᠯᠡᠭᠡᠲᠦ ᠦᠷᠡᠵᠢᠯ ᠤᠨ ᠲᠤᠰᠬᠠᠶ ᠺᠠᠳ᠋ᠷ ᠢ ᠵᠣᠬᠢᠶᠠᠨ ᠪᠠᠶᠢᠭᠤᠯᠵᠤ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠦᠷ᠎ᠡ ᠬᠡᠤᠬᠡᠳ ᠤᠨ ᠳᠠᠭᠠᠳᠬᠠᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠪᠠ᠃
1660816291669023304.jpg    
      ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠦᠷ᠎ᠡ ᠬᠡᠤᠬᠡᠳ ᠤᠨ ᠳᠠᠭᠠᠳᠬᠠᠯ ᠢ ᠳᠡᠯᠭᠡᠷᠡᠭᠦᠯᠬᠦ ᠨᠢ ᠵᠥᠪᠬᠡᠨ ᠡᠳᠦᠷ ᠲᠤᠲᠤᠮ ᠤᠨ ᠠᠵᠢᠯ ᠲᠡᠳᠦᠶ ᠪᠢᠰᠢ᠂ ᠪᠠᠰᠠ ᠴᠤ ᠬᠠᠶᠢᠷᠤᠪ ᠤᠨ ᠲᠤᠬᠤᠢ ᠲᠤᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ 2022 ᠣᠨ ᠤ ︽ᠵᠢᠷᠭᠤᠭᠠᠨ ᠵᠤᠶᠢᠯ ᠤᠨ ᠭᠤᠤᠯᠳᠠᠯᠭ᠎ᠠ ᠲᠠᠢ︾ ᠡᠭᠦᠷᠭᠡ᠂ ︽ᠰᠡᠳᠬᠢᠯ ᠢ ᠳᠤᠯᠠᠭᠠᠴᠠᠭᠤᠯᠬᠤ ᠲᠥᠯᠥᠪᠯᠡᠭᠡ︾ ᠪᠣᠯᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠤᠶᠢᠯᠡᠳᠤᠯᠭᠡ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢᠨ ᠪᠣᠳᠠᠲᠠᠶ ᠢᠯᠡᠷᠡᠯ ᠮᠥᠨ᠃ ᠡᠭᠦᠨ ᠤ ᠵᠡᠷᠭᠡ ᠳᠤ ᠪᠠᠰᠠ ︽ᠲᠥᠯᠥᠪᠯᠡᠭᠡᠲᠦ ᠦᠷᠡᠵᠢᠯ ᠤᠨ ᠣᠯᠠᠨ ᠲᠦᠮᠡᠨ ᠤ ᠠᠶᠤᠯ ᠲᠦᠭᠰᠢᠭᠦᠷᠢ ᠶᠢ ᠠᠷᠢᠯᠭᠠᠵᠤ ᠂ ᠨᠠᠮ ᠪᠠ ᠵᠠᠰᠠᠭ ᠤᠨ ᠣᠷᠳᠣᠨ ᠤ ᠬᠦᠴᠢᠷ ᠵᠣᠪᠠᠭᠤᠷᠢ ᠶᠢ ᠰᠢᠢᠤᠡᠪᠤᠷᠢᠯᠡᠬᠦ︾ ᠠᠵᠢᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠨᠡᠩ ᠣᠯᠠᠨ ᠦᠷ᠎ᠡ ᠬᠡᠦᠬᠡᠳ ᠲᠤ ᠳᠠᠭᠠᠳᠬᠠᠯ ᠠᠰᠠᠷᠠᠮᠵᠢ ᠡᠳ᠋ᠯᠡᠭᠦᠯᠵᠦ᠂ ᠬᠦᠴᠢᠷᠳᠡᠯ ᠲᠠᠢ ᠬᠠᠮᠲᠤᠯᠢᠭ ᠤᠨ ᠡᠮᠴᠢᠯᠡᠭᠡᠨ ᠤ ᠠᠶᠤᠯ ᠲᠦᠭᠰᠢᠭᠦᠷᠢ ᠶᠢ ᠦᠨᠡᠨᠬᠦ  ᠰᠢᠢᠤᠡᠪᠤᠷᠢᠯᠡᠵᠠᠢ᠃
1660816291669017963.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号