ᠬᠥᠮᠦᠰ ᠤᠨ ᠰᠡᠳᠬᠢᠯ ᠳᠤ ᠭᠦᠨ ᠬᠠᠳᠠᠩᠰᠢᠵᠠᠶ︕ ᠬᠠᠶᠢᠷᠤᠪ ᠤᠨ ᠲᠤᠬᠤᠢ ᠶᠢᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ︽ᠶᠠᠷᠢᠶᠠᠨ ᠤ ᠬᠠᠶᠢᠷᠴᠠᠭ︾᠎ ᠢ ᠨᠡᠭᠡᠭᠡᠪᠡ ᠁
ᠨᠡᠶᠢᠲᠡᠯᠡᠭᠰᠡᠨ ᠴᠠᠭ᠄
2022/8/22
      ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ ᠨᠠᠮ ᠤᠨ ᠭᠡᠰᠢᠭᠦᠨ ᠺᠠᠳ᠋ᠷᠴᠤᠳ ᠢ ᠴᠢᠨᠠᠭᠰᠢᠳᠠ ᠬᠦᠳᠦᠯᠦᠨ ᠵᠢᠯᠣᠭᠤᠳᠴᠤ ᠬᠤᠪᠢᠰᠬᠠᠯᠲᠤ ᠭᠧᠨ ᠢ ᠤᠯᠠᠮᠵᠢᠯᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠬᠠᠶᠢᠷᠤᠪ ᠤᠨ ᠳᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶ᠎ᠠ ᠦᠬᠠᠢ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠪᠠᠶᠢᠭᠤᠯᠤᠯᠭ᠎ᠠ ᠶᠢᠨ ᠨᠢᠭᠡ ᠰᠠᠯᠠᠭ᠎ᠠ ᠬᠡᠯᠲᠡᠰ ᠵᠡᠷᠭᠡ ᠲᠠᠪᠤᠨ ᠨᠠᠮ ᠤᠨ ᠡᠭᠦᠷ ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠤᠭᠲᠤᠵᠤ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ — ᠬᠠᠮᠤᠭ ᠤᠨ ᠬᠠᠶᠢᠷᠠᠯᠠᠯᠲᠠᠢ ᠬᠥᠮᠦᠰ ᠲᠤ ᠬᠦᠨᠳᠦᠳᠬᠡᠯ ᠳᠡᠪᠰᠢᠭᠦᠯᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠬᠠᠮᠠᠳ ᠴᠡᠷᠢᠭ ᠶᠠᠩ ᠴᠠᠩ ᠷᠦᠩ ᠢ ᠤᠷᠢᠵᠤ ᠲᠡᠷᠢᠭᠦᠨ ᠤ ᠦᠢᠯᠡ ᠠᠵᠢᠯᠯᠠᠭ᠎ᠠ ᠶᠢ ᠬᠤᠪᠢᠶᠠᠯᠴᠠᠪᠠ᠃
微信图片_20220822161422.jpg
微信图片_20220822161419.jpg
微信图片_20220822161414.jpg
    ᠠᠵᠢᠯᠯᠠᠭᠠᠨ ᠤ ᠳᠤᠮᠳᠠ᠂  ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢᠨ ᠳᠦᠷᠰᠦ ᠰᠢᠩᠭᠡᠭᠡᠯᠲᠡ ︽ᠴᠡᠷᠢᠭ ᠬᠥᠮᠦᠨ ᠤ ᠶᠠᠩᠵᠤ︾᠎ ᠶᠢ ᠰᠣᠨᠢᠷᠬᠠᠬᠤ ᠪᠠᠷ ᠬᠥᠰᠢᠭᠡ ᠪᠠᠨ ᠰᠡᠬᠦᠵᠦ᠂ ᠰᠡᠭᠦᠯᠡᠷ ᠨᠢ 87 ᠨᠠᠰᠤᠲᠠᠶ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠶᠠᠩ ᠴᠠᠩ ᠷᠦᠩ ᠴᠡᠷᠢᠭ ᠤᠨ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ ᠴᠡᠷᠢᠭ ᠤᠨ ᠠᠯᠪᠠ ᠬᠠᠭᠠᠵᠤ ᠪᠠᠶᠢᠭᠰᠠᠨ ᠬᠤᠭᠤᠴᠠᠭᠠᠨ ᠳᠠᠬᠢ ᠲᠡᠷᠢᠭᠦᠨ ᠤ ᠦᠢᠯᠡ ᠶᠠᠪᠤᠳᠠᠯ ᠵᠡᠷᠭᠡ ᠳᠡᠷᠭᠡᠳᠡᠬᠢ ᠪᠣᠳᠠᠲᠤ ᠵᠢᠱᠢᠶ᠎ᠡ ᠶᠢᠨ ᠦᠯᠢᠭᠡᠷ ᠢ ᠤᠯᠠᠨ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠶᠠᠷᠢᠵᠤ ᠥᠭᠪᠡ᠃ ᠡᠭᠦᠨ ᠤ ᠬᠠᠮᠲᠤ ᠪᠠᠶᠢᠯᠳᠤᠭᠠᠨ ᠤ ᠲᠠᠯᠠᠪᠤᠷ ᠲᠤ ᠰᠢᠲᠠᠭᠳᠠᠭᠰᠠᠨ ᠦᠨᠡᠮᠯᠡᠯ ᠢᠶᠠᠨ ᠤᠯᠠᠨ ᠳᠤ ᠦᠵᠡᠭᠦᠯᠪᠡ᠂ ᠬᠡᠳᠦ᠋ᠢᠪᠡᠷ ᠦᠨᠡᠮᠯᠡᠯ ᠤᠨ ᠳᠡᠭᠡᠷᠡᠬᠢ ᠰᠢᠲᠠᠭᠳᠠᠭᠰᠠᠨ ᠣᠷᠣ ᠮᠥᠷ ᠨᠢ ᠲᠣᠪ ᠲᠣᠳᠣᠷᠬᠠᠢ ᠬᠠᠷᠠᠭᠳᠠᠵᠤ ᠪᠠᠶᠢᠪᠠᠴᠤ ᠠᠬᠠᠮᠠᠳ ᠴᠡᠷᠢᠭ ᠶᠠᠩ ᠴᠠᠩ ᠷᠦᠩ ᠦᠨᠡᠮᠯᠡᠯ ᠢᠶᠠᠨ ᠡᠷᠳᠡᠨᠢ ᠰᠢᠭ ᠰᠠᠶᠢᠲᠤᠷ ᠬᠠᠳᠠᠭᠠᠯᠠᠵᠤ ᠪᠠᠶᠢᠪᠠ᠃
微信图片_20220822161425.jpg
微信图片_20220822161427.jpg
微信图片_20220822161430.jpg
    ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠳᠤ ᠠᠬᠠᠮᠠᠳ ᠴᠡᠷᠢᠭ ᠤᠨ ︽ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠬᠦ︾᠂ ᠳᠦᠷᠰᠦ ᠰᠢᠩᠭᠡᠭᠡᠯᠲᠡ ᠪᠠ ᠳᠦᠷᠰᠦ ᠰᠢᠩᠭᠡᠭᠡᠯᠲᠡ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠪᠢᠰᠬᠠᠯ ᠤᠨ ᠠᠬᠠᠮᠠᠳ ᠴᠡᠷᠢᠭ ᠤᠨ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ᠪᠠᠶᠢᠨ ᠪᠠᠶᠢᠨ ᠠᠯᠠᠭ᠎ᠠ ᠲᠠᠰᠢᠵᠤ᠂ ᠬᠤᠷᠠᠯ ᠳᠤ ᠣᠷᠣᠯᠴᠠᠭᠰᠠᠳ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠴᠢᠰᠤᠲᠤ ᠪᠠᠶᠢᠯᠳᠤᠭᠠᠨ ᠪᠠ ᠲᠡᠰᠪᠦᠷᠢ ᠬᠠᠲᠠᠭᠤᠵᠢᠯᠲᠠᠢ ᠲᠡᠮᠡᠴᠡᠯ ᠪᠠᠶᠢᠬᠤ ᠦᠭᠡᠢ ᠪᠣᠯ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ ᠂ ᠵᠠᠪᠠᠯ ᠬᠤᠪᠢᠰᠬᠠᠯ ᠤᠨ ᠲᠡᠦᠬᠡ ᠶᠢ ᠪᠠᠲᠤ ᠴᠡᠭᠡᠵᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠬᠦᠴᠦᠯᠡᠨ ᠴᠢᠷᠮᠠᠶᠢᠵᠤ ᠤᠷᠤᠭᠰᠢᠯᠠᠨ ᠲᠠᠪᠰᠢᠵᠤ ︽ᠬᠤᠰᠢᠭᠤᠴᠢ ᠴᠡᠷᠢᠭ︾ ᠪᠣᠯᠬᠤ ᠪᠠᠷ ᠴᠢᠷᠮᠠᠶᠢᠬᠤ ᠪᠥᠭᠡᠳ ᠳᠤᠮᠳᠠᠳᠤ ᠤᠯᠤᠰ ᠤᠨ ᠴᠡᠷᠢᠭ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠨ᠎ᠡ ᠭᠡᠵᠦ ᠢᠯᠡᠳᠬᠡᠵᠡᠭᠡᠪᠡ᠃
微信图片_20220822161432.jpg   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号