ᠥᠨᠥᠳᠦᠷ᠂ 17.42 ᠳ᠋ᠦᠩᠰᠢᠭᠤᠷ ᠲᠥᠭᠦᠷᠢᠭ ᠤᠨ ᠲᠦᠷᠦᠯ ᠵᠦᠢᠯ ᠬᠠᠶᠢᠷᠤᠪ ᠤᠨ ᠲᠤᠬᠤᠢ ᠳᠤ ᠰᠠᠭᠤᠷᠢᠰᠢᠵᠠᠢ︕
ᠨᠡᠶᠢᠲᠡᠯᠡᠭᠰᠡᠨ ᠴᠠᠭ᠄
2022/8/22
      8 ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠮᠵᠢᠯᠲᠠ ᠲᠠᠢ ᠪᠠᠷ ᠭᠡᠷ᠎ᠡ ᠲᠣᠭᠲᠠᠵᠤ᠂ ︽ᠦᠩᠭᠡ ᠦᠵᠡᠮᠵᠢ ᠶᠢᠨ ᠮᠠᠰᠢᠨ ᠲᠡᠷᠭᠡ ᠬᠠᠳᠠᠭᠠᠯᠠᠬᠤ ᠵᠢᠵᠢᠭ ᠪᠠᠯᠭᠠᠰᠤ︾᠎ ᠶᠢᠨ ᠪᠣᠬᠢᠷᠲᠤᠯ ᠦᠭᠡᠢ ᠵᠠᠮ ᠬᠠᠷᠢᠯᠴᠠᠭ᠎ᠠ ᠶᠢ ᠨᠢᠭᠡ ᠴᠤᠬᠴᠠᠵᠢᠭᠤᠯᠬᠤ ᠲᠦᠷᠦᠯ ᠵᠦᠢᠯ ᠬᠠᠶᠢᠷᠤᠪ ᠤᠨ ᠲᠤᠬᠤᠢ ᠳᠤ ᠵᠢᠩᠬᠢᠨᠢ ᠪᠠᠷ ᠰᠠᠭᠤᠷᠢᠰᠢᠭᠰᠠᠨ ᠢ ᠬᠠᠷᠠᠭᠤᠯᠪᠠ᠃
微信图片_20220822092335.jpg    
       ᠣᠶᠢᠯᠠᠭᠠᠭᠰᠠᠨ ᠢᠶᠠᠷ᠂ ︽ᠥᠩᠭᠡ ᠦᠵᠡᠮᠵᠢ ᠶᠢᠨ ᠮᠠᠰᠢᠨ ᠲᠡᠷᠭᠡ ᠬᠠᠳᠠᠭᠠᠯᠠᠬᠤ ᠵᠢᠵᠢᠭ ᠪᠠᠯᠭᠠᠰᠤ︾᠎ ᠶᠢᠨ ᠪᠣᠬᠢᠷᠲᠤᠯ ᠥᠬᠡᠶ ᠵᠠᠮ ᠬᠠᠷᠢᠯᠴᠠᠭᠠᠨ ᠤ ᠨᠢᠭᠡ ᠴᠤᠭᠴᠠᠵᠢᠭᠰᠠᠨ ᠲᠥᠷᠥᠯ  ᠵᠤᠶᠢᠯ ᠨᠢ ᠬᠠᠶᠢᠷᠤᠪ ᠤᠨ ᠲᠤᠬᠤᠢ ᠲᠣᠭᠤᠷᠢᠭ ᠤᠨ ᠺᠠᠪᠦ᠋ᠴᠢ ᠪᠠᠯᠭᠠᠰᠤ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠢᠴᠢ ᠵᠠᠰᠠᠮᠠᠯ ᠵᠠᠮ ᠤᠨ ᠬᠤᠶᠠᠷ ᠬᠠᠵᠠᠭᠤ ᠳᠤ ᠪᠠᠶᠢᠵᠤ᠂ ᠨᠡᠶᠢᠲᠡ 17.42 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢ ᠣᠷᠣᠯᠠᠭᠤᠯᠬᠤ ᠲᠥᠷᠥᠯ ᠵᠤᠶᠢᠯ᠂ ᠴᠠᠬᠢᠯᠭᠠᠨ ᠥᠷᠲᠡᠭᠡ ᠰᠣᠯᠢᠬᠤ ᠲᠥᠷᠥᠯ ᠵᠤᠶᠢᠯ᠂ ᠥᠩᠭᠡ ᠦᠵᠡᠮᠵᠢ ᠶᠢᠨ ᠵᠢᠵᠢᠭ ᠪᠠᠯᠭᠠᠰᠤᠨ ᠤ ᠲᠥᠷᠥᠯ ᠵᠤᠶᠢᠯ ᠢᠶᠠᠷ ᠠᠭᠤᠯᠭ᠎ᠠ ᠪᠣᠯᠭᠠᠵᠠᠶ᠃ 2022 ᠣᠨ ᠳᠤ ᠨᠢᠭᠡᠳᠦᠭᠡᠷ ᠪᠦᠯᠦᠭ ᠤᠨ 50 ᠬᠦᠨᠳᠦ ᠺᠠᠷᠲ ᠢᠶᠠᠷ ᠣᠷᠣᠯᠠᠭᠤᠯᠬᠤ ᠲᠥᠷᠥᠯ ᠵᠤᠶᠢᠯ ᠢ ᠡᠬᠢᠯᠡᠭᠦᠯᠵᠦ᠂ 1 ᠴᠠᠬᠢᠯᠭᠠᠨ ᠥᠷᠲᠡᠭᠡ ᠰᠣᠯᠢᠬᠤ᠂ 60 ᠳ᠋ᠢᠶᠠᠨ ᡂᠢ ᠪᠠ 8MWp ᠬᠡᠷᠡᠯ ᠴᠡᠨᠡᠭ ᠤᠨ ᠥᠷᠲᠡᠭᠡ ᠶᠢᠨ ᠲᠥᠷᠥᠯ ᠵᠤᠶᠢᠯ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ︔ 2023 ᠣᠨ ᠳᠤ ᠬᠤᠶᠠᠳᠠᠬᠢ ᠪᠦᠯᠦᠭ ᠤᠨ 1500 ᠬᠦᠨᠳᠦ ᠺᠠᠷᠲ ᠢᠶᠠᠷ ᠣᠷᠣᠯᠠᠭᠤᠯᠬᠤ ᠲᠥᠷᠥᠯ ᠵᠤᠶᠢᠯ ᠢ ᠡᠬᠢᠯᠡᠭᠦᠯᠵᠦ᠂ 30 ᠴᠠᠬᠢᠯᠭᠠᠨ ᠥᠷᠲᠡᠭᠡ ᠰᠣᠯᠢᠬᠤ᠂ 2000 ᠳ᠋ᠢᠶᠠᠨ ᡂᠢ ᠪᠠ 150MW ᠥᠩᠭᠡ ᠦᠵᠡᠮᠵᠢ ᠶᠢᠨ ᠴᠠᠬᠢᠯᠭᠠᠨ ᠥᠷᠲᠡᠭᠡ ᠶᠢᠨ ᠲᠥᠷᠥᠯ ᠵᠤᠶᠢᠯ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ ᠦᠬᠠᠢ ᠬᠤᠳᠠ ᠳᠤ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠢᠯᠡᠷᠬᠡᠢ ᠣᠷᠣᠨ ᠪᠠᠶᠢᠷᠢ ᠶᠢᠨ ᠳᠠᠪᠠᠭᠤᠯᠢᠭ ᠲᠠᠢ᠂ ᠤᠯᠤᠰ ᠤᠨ ᠲᠤᠮᠤ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠸᠣᠯᠲ ᠤᠨ ᠰᠠᠭᠤᠷᠢᠨ ᠭᠠᠵᠠᠷ ᠤᠨ ᠣᠷᠣᠨ ᠪᠦᠰᠡ ᠶᠢᠨ ᠲᠥᠪ ᠲᠤ ᠪᠠᠶᠢᠷᠢᠯᠠᠨ᠎ᠠ᠂ ︽ᠰᠠᠯᠬᠢ ᠦᠵᠡᠮᠵᠢ ᠪᠠᠷ ᠲᠡᠷᠭᠡ ᠬᠠᠳᠠᠭᠠᠯᠠᠬᠤ ᠵᠢᠵᠢᠭ ᠪᠠᠯᠭᠠᠰᠤ︾᠎ ᠶᠢᠨ ᠪᠣᠬᠢᠷᠲᠤᠯ ᠦᠭᠡᠢ ᠵᠠᠮ ᠬᠠᠷᠢᠯᠴᠠᠭ᠎ᠠ ᠶᠢ ᠨᠢᠭᠡ ᠴᠤᠬᠴᠠᠵᠢᠭᠤᠯᠬᠤ ᠲᠦᠷᠦᠯ ᠵᠦᠢᠯ ᠨᠢ ᠦᠬᠠᠢ ᠬᠤᠳᠠ ᠶᠢᠨ ᠭᠡᠷᠡᠯ ᠸᠣᠯᠲ ᠤᠨ ᠠᠵᠤ ᠦᠢᠯᠡᠰ ᠤᠨ ᠬᠡᠯᠬᠢᠶ᠎ᠡ ᠶᠢᠨ ᠬᠢᠯᠠᠰ ᠴᠡᠭ ᠲᠠᠢ ᠲᠦᠷᠦᠯ ᠵᠦᠢᠯ ᠪᠣᠯᠬᠤ ᠪᠣᠯᠤᠨ᠎ᠠ᠃ ᠲᠦᠷᠦᠯ ᠵᠦᠢᠯ ᠳᠤ ᠭᠠᠷ ᠤᠨ ᠦᠰᠦᠭ ᠵᠢᠷᠤᠭᠰᠠᠨ ᠨᠢ ᠰᠢᠨ᠎ᠡ ᠡᠨᠧᠷᠭᠢ ᠶᠢᠨ ᠮᠠᠰᠢᠨ ᠲᠡᠷᠭᠡ ᠪᠣᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠥᠨᠳᠥᠷ ᠪᠦᠲᠦᠮᠵᠢᠲᠡᠢ ᠪᠠᠷ ᠬᠠᠮᠵᠢᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠬᠠᠶᠢᠷᠤᠪ ᠤᠨ ᠲᠤᠬᠤᠢ ᠲᠤᠭᠤᠷᠢᠭ ᠤᠨ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号