ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/22
      8 ᠰᠠᠷ᠎ᠠ ᠶᠢᠨ 18᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃
微信图片_20220822171321.jpg    
      ᠬᠤᠷᠠᠯ ᠠᠴᠠ ᠦᠬᠠᠢ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ ᠬᠠᠤᠯᠢ ᠶᠢ ᠰᠠᠬᠢᠬᠤ ᠬᠠᠤᠯᠢ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢ ᠵᠠᠰᠠᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ︔ ᠬᠠᠤᠯᠢ ᠴᠠᠭᠠᠵᠠ ᠶᠢ ᠰᠠᠬᠢᠵᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠪᠦᠷᠢᠯᠳᠦᠬᠦᠨ ᠨᠢᠭᠡᠴᠡ ᠶᠢᠨ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ︔ ︽ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠦᠬᠠᠢ ᠬᠤᠲᠠ ᠶᠢᠨ ᠬᠠᠤᠯᠢᠵᠢᠯ ᠤᠨ ᠤᠬᠠᠭᠤᠯᠭ᠎ᠠ ᠶᠢᠨ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 — 2025︶᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾᠎ ᠢ ᠰᠤᠳᠤᠯᠤᠨ ᠬᠢᠨᠠᠨ ᠵᠦᠪᠯᠡᠪᠡ︔ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃
微信图片_20220822171327.jpg   
      ᠬᠤᠷᠠᠯ ᠠᠴᠠ᠂ 2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠨᠢᠭᠡ ᠵᠢᠯ ᠪᠣᠯᠤᠨ᠎ᠠ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠪᠣᠯ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ᠂ ᠬᠠᠤᠯᠢᠵᠢᠯ ᠤᠨ ᠬᠠᠶᠢᠷᠤᠪ ᠤᠨ ᠲᠤᠬᠤᠢ ᠎ ᠶᠢ ᠪᠦᠳᠦᠭᠡᠨ ᠪᠠᠶᠢᠭᠤᠯᠬᠤ ᠶᠢᠨ ᠴᠢᠬᠤᠯᠠ ᠰᠠᠭᠤᠷᠢ ᠪᠣᠯᠤᠨ᠎ᠠ︔ ᠬᠠᠶᠢᠷᠤᠪ ᠤᠨ ᠳᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠪᠣᠯᠤᠨ ᠲᠤᠬᠠᠶᠢᠯᠠᠭᠰᠠᠨ ᠠᠵᠢᠯ ᠢ ᠵᠡᠷᠭᠡᠪᠡᠷ ᠥᠷᠨᠢᠭᠦᠯᠬᠦ ᠶᠢ ᠠᠬᠢᠭᠤᠯᠵᠤ᠂ ᠨᠡᠶᠢᠭᠡᠮ ᠤᠨ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠬᠦ︾ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠲᠠᠯ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠯᠤᠭ᠎ᠠ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠬᠤ ᠬᠡᠷᠡᠭᠲᠡᠢ︔ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠶ ᠠᠵᠢᠯ ᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠡᠵᠡᠩᠨᠡᠯᠲᠡ ᠶᠢᠨ ᠠᠵᠢᠯᠳᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠪᠠ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠬᠥᠮᠦᠵᠢᠯ ᠤᠨ ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠨ᠂ ᠬᠠᠤᠯᠢᠴᠢ ᠶᠢᠨ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠲᠦᠷᠢᠮ ᠢ ᠨᠠᠶᠢᠳᠠᠪᠤᠷᠢᠵᠢᠭᠤᠯᠵᠤ᠂ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠦᠷᠢᠮ ᠢ ᠲᠡᠭᠦᠯᠳᠡᠷᠵᠢᠭᠦᠯᠵᠦ᠂ ᠵᠠᠭᠤᠴᠢᠯᠠᠭᠤᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠨᠡᠶᠢᠭᠡᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠳᠤ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃
微信图片_20220822171330.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号